ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠵᠥᠪᠯᠡᠯ ᠤᠨ ︽︿ᠬᠤᠷᠤᠭᠤᠨ ᠦᠵᠦᠭᠦᠷ ᠤᠨ ᠬᠡᠯᠪᠡᠷᠢᠴᠢ ᠦᠵᠡᠯ﹀ ᠢ ᠰᠡᠷᠭᠡᠶᠢᠯᠡᠨ ᠵᠠᠰᠠᠬᠤ ᠲᠤᠬᠠᠶ | ᠰᠠᠨᠠᠯ ᠤᠳ︾ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ | ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠲᠠᠰ ᠳᠠᠷᠠᠭᠠᠯᠠᠯ ︵ᠳᠣᠷᠣᠭᠰᠢ ᠵᠠᠰᠠᠭ ᠤᠨ ᠶᠠᠪᠤᠳᠠᠯ ᠤᠨ | ᠬᠡᠷᠡᠭᠯᠡᠭᠡᠨ ᠤ ᠲᠠᠰ ᠳᠠᠷᠠᠭᠠᠯᠠᠯ ᠭᠡᠵᠦ ᠨᠡᠷᠡᠶᠢᠳᠦᠨ᠎ᠡ︶᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ | ᠨᠣᠮᠧᠷ ᠪᠠ ᠠᠵᠢᠯ ᠤᠨ ᠪᠦᠯᠦᠭᠯᠡᠯ ᠳᠤᠭᠤᠶᠢᠯᠠᠩ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠡᠯᠪᠡᠷᠢ ᠶᠢᠨ ᠦᠵᠡᠯ ᠨᠢ | ᠲᠣᠭᠠᠴᠢᠯᠠᠯᠲᠠ ᠶᠢᠨ ᠠᠬᠤᠶ ᠪᠠᠶᠢᠳᠠᠯ ᠳᠣᠤᠷ᠎ᠠ ᠬᠤᠪᠢᠷᠠᠵᠤ ᠰᠢᠨᠡᠳᠬᠡᠭᠰᠡᠨ ᠠᠰᠠᠭᠤᠳᠠᠯ ᠢ ᠰᠡᠷᠭᠡᠶᠢᠯᠡᠨ ᠵᠠᠰᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ︽ᠬᠤᠷᠤᠭᠤᠨ ᠦᠵᠦᠭᠦᠷ ᠤᠨ ᠬᠡᠯᠪᠡᠷᠢᠴᠢ ᠦᠵᠡᠯ︾ ᠤᠨ | ᠠᠰᠠᠭᠤᠳᠠᠯ ᠢ ᠢᠯᠡᠴᠢᠯᠡᠨ ᠮᠡᠳᠡᠭᠦᠯᠬᠦ ᠤᠲᠠᠰᠤ ᠪᠠ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ ᠢ ᠨᠡᠭᠡᠭᠡᠪᠡ᠃ | ᠨᠢᠭᠡ᠂ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ | ᠤᠯᠠᠭᠠᠨᠴᠠᠪ ᠬᠤᠲᠠ ᠶᠢᠨ ᠬᠠᠷᠢᠶ᠎ᠠ ᠭᠠᠵᠠᠷ ᠤᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠠᠰ ᠳᠠᠷᠠᠭᠠᠯᠠᠯ᠂ | ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠤ ᠳ᠋ᠤᠭᠠᠷ ᠪᠠ ᠠᠵᠢᠯ ᠤᠨ ᠪᠦᠯᠦᠭᠯᠡᠯ ᠵᠡᠷᠭᠡ ︽ᠬᠤᠷᠤᠭᠤᠨ | ᠦᠵᠦᠭᠦᠷ ᠲᠠᠬᠢ ᠬᠡᠯᠪᠡᠷᠢᠴᠢ ᠦᠵᠡᠯ︾ ᠳᠤ ᠬᠤᠯᠪᠣᠭᠳᠠᠬᠤ ᠬᠤᠯᠪᠣᠭᠳᠠᠯ ᠪᠥᠬᠦᠶ ᠠᠰᠠᠭᠤᠳᠠᠯ᠃ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠠᠭᠤᠯᠭ᠎ᠠ | ︵ᠨᠢᠭᠡ︶ ︽ᠠᠯᠪᠠᠳᠠᠨ ᠬᠡᠷᠡᠭᠯᠡᠬᠦ︾ ᠲᠦᠷᠦᠯ | 1. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠭ᠍ᠷᠠᠮ ᠢ ᠠᠯᠪᠠᠳᠠᠯᠭ᠎ᠠ ᠪᠠᠷ ᠪᠠᠭᠤᠯᠭᠠᠨ ᠠᠪᠬᠤ᠂ | ᠬᠡᠷᠡᠭᠯᠡᠭᠴᠢ ᠶᠢᠨ ᠤᠭᠰᠠᠷᠠᠨ ᠬᠡᠷᠡᠭᠯᠡᠬᠦ ᠨᠣᠷᠮ᠎ᠠ ᠶᠢ ᠬᠢᠵᠠᠭᠠᠷᠯᠠᠨ ᠲᠣᠭᠲᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ | ᠲᠡᠮᠳᠡᠭᠯᠡᠬᠦ ᠶᠢ ᠱᠠᠭᠠᠷᠳᠠᠬᠤ ᠵᠡᠷᠭᠡ︔ | 2. ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠤ ᠳ᠋ᠤᠭᠠᠷ ᠢ ᠬᠡᠷᠡᠭᠯᠡᠬᠦ ᠶᠢ ᠠᠯᠪᠠᠳᠠᠨ ᠱᠠᠭᠠᠷᠳᠠᠪᠠ︔ | | 3. ᠠᠯᠪᠠᠳᠠᠯᠭ᠎ᠠ ᠪᠠᠷ ᠠᠵᠢᠯᠯᠠᠬᠤ ᠳᠤᠭᠤᠶᠢᠯᠠᠩ ᠳᠣᠲᠣᠷ᠎ᠠ ᠺᠠᠷᠲ ᠢᠶᠠᠷ ᠵᠠᠯᠭᠠᠭᠤᠯᠵᠤ᠂ ᠲᠡᠷᠡ ᠳᠠᠷᠤᠶ ᠳᠤᠨᠢ | ᠴᠤᠤᠷᠢᠶᠠᠳᠤᠨ ᠳᠠᠭᠠᠵᠤ᠂ ᠡᠭᠦᠷᠭᠡ ᠶᠢ ᠳᠤᠷ᠎ᠠ ᠪᠠᠷ ᠢᠶᠠᠨ ᠲᠡᠰᠬᠡᠨ ᠨᠣᠭᠳᠠᠭᠤᠯᠵᠤ᠂ ᠮᠠᠲ᠋ᠧᠷᠢᠶᠠᠯ ᠠᠪᠬᠤ ᠬᠡᠷᠡᠭᠲᠡᠶ | ᠭᠡᠵᠦ ᠱᠠᠭᠠᠷᠳᠠᠪᠠ᠃ | ︵ᠬᠤᠶᠠᠷ︶ ︽ᠬᠡᠲᠦᠷᠬᠡᠢ ᠣᠷᠣᠮ ᠦᠯᠡᠳᠡᠭᠡᠬᠦ︾ ᠲᠥᠷᠥᠯ | 1. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠠᠰ ᠳᠠᠷᠠᠭᠠᠯᠠᠯ ᠢ ᠠᠵᠢᠯ ᠤᠨ ᠬᠢᠨᠠᠨ ᠰᠢᠯᠭᠠᠬᠤ ᠡᠳᠦᠷ | ᠲᠤᠲᠤᠮ ᠤᠨ ᠠᠵᠢᠯ᠂ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠤᠨ ᠰᠦᠯᠵᠢᠶᠡᠨ ᠳᠡᠭᠡᠷᠡᠬᠢ ᠠᠴᠢᠶᠠᠯᠠᠪᠤᠷᠢ | ᠪᠣᠯᠭᠠᠨ᠎ᠠ᠃ | 2. ᠠᠵᠢᠯ ᠤᠨ ᠣᠷᠣᠮ ᠦᠯᠡᠳᠡᠭᠡᠬᠦ ᠪᠠᠷ ᠪᠣᠳᠠᠲᠠᠶ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ | ᠣᠷᠣᠯᠠᠭᠤᠯᠵᠤ᠂ ᠳᠣᠤᠷᠠᠳᠤ ᠱᠠᠲᠤ ᠪᠣᠯᠤᠨ ᠦᠨᠳᠦᠰᠦᠨ ᠱᠠᠲᠤᠨ ᠤ ᠨᠢᠭᠡᠴᠡ ᠶᠢ ᠵᠠᠰᠠᠭ ᠤᠨ ᠶᠠᠪᠤᠳᠠᠯ ᠤᠨ | ᠬᠡᠷᠡᠭᠯᠡᠭᠡᠨ ᠤ ᠳᠡᠰ ᠳᠠᠷᠠᠭᠠᠯᠠᠯ᠂ ᠠᠵᠢᠯ ᠤᠨ ᠪᠦᠯᠦᠭ ᠢᠶᠠᠷ ᠳᠠᠮᠵᠢᠭᠤᠯᠤᠨ ᠴᠢᠬᠤᠯᠠ ᠪᠤᠰᠤ ᠲᠠᠰᠤᠯᠪᠤᠷᠢ ᠵᠢᠷᠤᠭ | ᠪᠤᠶᠤ ᠸᠢᠳᠢᠣ᠋ ᠳᠠᠮᠵᠢᠭᠤᠯᠬᠤ ᠶᠢ ᠳᠤᠷ᠎ᠠ ᠪᠠᠷ ᠢᠶᠠᠨ ᠱᠠᠭᠠᠷᠳᠠᠪᠠ᠃ | ︵ᠭᠤᠷᠪᠠ︶ ︽ᠳᠤᠷ᠎ᠠ ᠪᠠᠷ ᠢᠶᠠᠨ ᠨᠡᠷᠡᠰ ᠤᠨ ᠵᠢᠭᠰᠠᠭᠠᠯᠲᠠ︾ ᠶᠢᠨ ᠲᠥᠷᠥᠯ | 1. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠠᠰ ᠳᠠᠷᠠᠭᠠᠯᠠᠯ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ | ᠲᠠᠩᠰᠠᠨ ᠡᠷᠦᠬᠡ ᠶᠢᠨ ᠠᠩᠬᠠᠷᠴᠤ ᠪᠠᠶᠢᠭ᠎ᠠ ᠴᠡᠭ ᠢ ᠳᠤᠷ᠎ᠠ ᠪᠠᠷ ᠢᠶᠠᠨ ᠬᠡᠷᠡᠭᠯᠡᠨ ᠮᠠᠭᠲᠠᠵᠤ᠂ ᠰᠢᠭᠦᠮᠵᠢᠯᠡᠬᠦ | ᠴᠢᠳᠠᠮᠵᠢ ᠶᠢ ᠳᠠᠮᠵᠢᠭᠤᠯᠤᠨ ᠲᠠᠷᠬᠠᠭᠠᠵᠤ᠂ ᠲᠡᠭᠦᠨ ᠢ ᠬᠢᠨᠠᠨ ᠰᠢᠯᠭᠠᠵᠤ ᠦᠨᠡᠯᠡᠬᠦ᠂ ᠠᠳᠠᠯᠢᠳᠬᠠᠨ | ᠰᠢᠯᠭᠠᠷᠠᠭᠤᠯᠬᠤ ᠶᠢᠨ ᠦᠨᠳᠦᠰᠦᠯᠡᠯ ᠪᠣᠯᠭᠠᠨ᠎ᠠ︔ | 2. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠠᠰ ᠳᠠᠷᠠᠭᠠᠯᠠᠯ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ | ᠲᠠᠩᠰᠠᠨ ᠤ ᠳ᠋ᠤᠭᠠᠷ ᠤᠨ ᠵᠢᠭᠰᠠᠭᠠᠯᠲᠠ᠂ ᠰᠦᠯᠵᠢᠶᠡᠨ ᠳᠡᠭᠡᠷᠡᠬᠢ ᠴᠠᠭ ᠤᠨ ᠣᠷᠳᠣ ᠵᠡᠷᠭᠡ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠮᠡᠳᠡᠭᠡᠯᠡᠬᠦ ᠨᠡᠷᠡᠰ ᠪᠠ ᠰᠢᠯᠭᠠᠨ ᠦᠨᠡᠯᠡᠬᠦ ᠳᠤ ᠬᠡᠷᠡᠭᠯᠡᠨ᠎ᠡ᠃ | 3. ᠰᠦᠯᠵᠢᠶᠡᠨ ᠰᠢᠯᠭᠠᠷᠠᠭᠤᠯᠤᠯᠲᠠ ᠪᠠ ᠰᠡᠳᠦᠪ ᠬᠠᠷᠢᠭᠤᠯᠬᠤ ᠰᠢᠯᠭᠠᠯᠲᠠ ᠶᠢᠨ ᠠᠵᠢᠯᠯᠠᠭ᠎ᠠ ᠶᠢᠨ ᠳᠤᠮᠳᠠ᠂ | ᠳᠤᠷ᠎ᠠ ᠪᠠᠷ ᠢᠶᠠᠨ ᠪᠢᠯᠧᠲ ᠥᠭᠬᠦ ᠭᠤᠭᠴᠤᠭ᠎ᠠ ᠶᠢ ᠳᠣᠭᠢᠷᠠᠭᠤᠯᠵᠤ᠂ ᠳᠣᠤᠷᠠᠳᠤ ᠱᠠᠲᠤ ᠪᠠ ᠦᠨᠳᠦᠰᠦᠨ ᠱᠠᠲᠤᠨ ᠤ | ᠨᠢᠭᠡᠴᠡ ᠳᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ᠂ ᠰᠡᠳᠦᠪ ᠬᠠᠷᠢᠭᠤᠯᠬᠤ ᠰᠢᠯᠭᠠᠯᠲᠠ ᠶᠢᠨ ᠬᠤᠪᠢ | ᠣᠯᠭᠤᠬᠤ ᠵᠡᠷᠭᠡ ᠱᠠᠭᠠᠷᠳᠠᠯᠭ᠎ᠠ ᠶᠢ ᠳᠤᠷ᠎ᠠ ᠪᠠᠷ ᠢᠶᠠᠨ ᠳᠤᠷᠠᠳᠴᠤ᠂ ᠦᠷ᠎ᠡ ᠳ᠋ᠦᠩ ᠢ ᠮᠡᠳᠡᠭᠡᠯᠡᠬᠦ᠂ ᠨᠡᠷᠡᠰ ᠤᠨ | ᠵᠢᠭᠰᠠᠭᠠᠯᠲᠠ ᠪᠠ ᠰᠢᠯᠭᠠᠨ ᠦᠨᠡᠯᠡᠬᠦ ᠳᠤ ᠬᠡᠷᠡᠭᠯᠡᠨ᠎ᠡ᠃ | ︵ᠲᠦᠷᠪᠡ︶ ︽ᠬᠤᠭᠤᠰᠤᠨ︾ ︽ᠬᠦᠰᠢᠮᠡᠯ ᠦᠬᠦᠳᠡᠯ︾ ᠤᠨ ᠲᠦᠷᠦᠯ | ᠪᠠᠶᠢᠭᠤᠯᠬᠤ ᠪᠣᠯᠪᠠᠴᠤ ᠬᠡᠷᠡᠭᠯᠡᠬᠦ ᠦᠭᠡᠢ᠂ ᠪᠠᠶᠢᠭᠤᠯᠤᠭᠠᠳ ᠬᠠᠮᠢᠶᠠᠷᠬᠤ ᠦᠭᠡᠢ᠂ ᠠᠭᠤᠯᠭ᠎ᠠ ᠨᠢ ᠤᠷᠲᠤ | ᠬᠤᠭᠤᠴᠠᠭ᠎ᠠ ᠪᠠᠷ ᠰᠢᠨᠡᠳᠬᠡᠬᠦ ᠦᠭᠡᠢ᠂ ᠪᠣᠳᠠᠲᠠᠢ ᠲᠤᠬᠠᠶᠢᠯᠠᠭᠰᠠᠨ ᠠᠵᠢᠯ ᠤᠨ ᠴᠤᠪᠤᠷᠠᠯ ᠠᠴᠠ ᠰᠠᠯᠤᠩᠭᠢᠷᠠᠬᠤ ᠵᠢᠴᠢ | ᠬᠡᠷᠡᠭᠯᠡᠬᠦ ᠬᠡᠪᠴᠢᠶ᠎ᠡ ᠪᠠᠷ ᠪᠠᠭ᠎ᠠ᠂ ᠳᠠᠪᠲᠠᠮᠵᠢ ᠪᠠᠷ ᠳᠣᠣᠷ᠎ᠠ ᠠᠵᠢᠯ ᠤᠨ ᠪᠦᠯᠦᠭ ᠳᠤᠭᠤᠶᠢᠯᠠᠩ᠂ ᠵᠠᠰᠠᠭ ᠤᠨ | ᠶᠠᠪᠤᠳᠠᠯ ᠤᠨ ᠬᠡᠷᠡᠭᠯᠡᠭᠡᠨ ᠤ ᠳᠡᠰ ᠳᠠᠷᠠᠭᠠᠯᠠᠯ᠂ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠲᠠᠩᠰᠠᠨ ᠨᠣᠮᠧᠷ ᠪᠠ | ᠵᠠᠰᠠᠭ ᠤᠨ ᠶᠠᠪᠤᠳᠠᠯ ᠤᠨ ᠰᠦᠯᠵᠢᠶᠡᠨ ᠥᠷᠲᠡᠭᠡ ᠵᠡᠷᠭᠡ᠃ | ︵ᠲᠠᠪᠤ︶ ︽ᠢᠯᠡᠬᠦᠳᠡᠯ ᠲᠠᠪᠳᠠᠯᠳᠠ︾ ᠶᠢᠨ ᠲᠦᠷᠦᠯ | 1. ᠴᠢᠳᠠᠮᠵᠢ ᠶᠢ ᠳᠠᠪᠬᠤᠷᠳᠠᠭᠤᠯᠤᠨ ᠪᠠᠭᠲᠠᠭᠠᠵᠤ ᠣᠷᠣᠯᠠᠭᠤᠯᠵᠤ ᠪᠣᠯᠤᠨ᠎ᠠ᠂ ᠮᠥᠨ ᠴᠢᠨᠠᠷ ᠬᠦᠨᠳᠦ ᠨᠣᠴᠢᠲᠠᠶ | ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠲᠠᠰ ᠳᠠᠷᠠᠭᠠᠯᠠᠯ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ | ᠲᠠᠩᠰᠠᠨ ᠤ ᠳ᠋ᠤᠭᠠᠷ ᠵᠡᠷᠭᠡ᠃ | 2. ᠠᠳᠠᠯᠢ ᠨᠢᠭᠡᠨ ᠠᠵᠢᠯ ᠢ ᠳᠠᠪᠬᠤᠷᠳᠠᠭᠤᠯᠤᠨ ᠵᠣᠬᠢᠶᠠᠨ ᠪᠠᠶᠢᠭᠤᠯᠬᠤ ᠠᠵᠢᠯ ᠤᠨ ᠰᠦᠷᠦᠭ᠂ ᠲᠦᠷ | ᠴᠠᠭ ᠤᠨ ᠴᠢᠨᠠᠷᠲᠠᠢ᠂ ᠱᠠᠲᠤ ᠦᠶ᠎ᠡ ᠶᠢᠨ ᠴᠢᠨᠠᠷᠲᠠᠢ ᠠᠵᠢᠯ ᠤᠨ ᠰᠦᠷᠦᠭ᠂ ᠡᠭᠦᠷᠭᠡ ᠪᠠᠨ ᠪᠡᠶᠡᠯᠡᠭᠦᠯᠦᠭᠰᠡᠨ ᠤ | ᠳᠠᠷᠠᠭ᠎ᠠ ᠴᠠᠭ ᠲᠤᠬᠠᠢ ᠳᠤ ᠨᠢ ᠢᠯᠭᠠᠷᠠᠭᠤᠯᠤᠭᠰᠠᠨ ᠦᠭᠡᠢ ᠵᠡᠷᠭᠡ ᠠᠵᠢᠯ ᠤᠳ ᠢ ᠬᠢᠵᠦ ᠳᠠᠭᠤᠰᠬᠠᠵᠠᠢ᠃ | ︵ᠵᠢᠷᠭᠤᠭ᠎ᠠ︶ ᠪᠤᠰᠤᠳ ᠲᠥᠷᠥᠯ | ᠪᠤᠰᠤᠳ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠲᠠᠢ ᠬᠤᠯᠪᠣᠭᠳᠠᠭᠰᠠᠨ ᠠᠰᠠᠭᠤᠳᠠᠯ᠃ | ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ | 1. ᠢᠯᠡᠴᠢᠯᠡᠨ ᠮᠡᠳᠡᠭᠦᠯᠬᠦ ᠤᠲᠠᠰᠤ᠄ 0474 - 8987095 | 2. ᠢᠯᠡᠴᠢᠯᠡᠨ ᠮᠡᠳᠡᠭᠦᠯᠬᠦ ᠲᠤᠰᠬᠠᠶ ᠣᠷᠣᠨ ᠤ ᠰᠢᠦᠳᠠᠨ ᠬᠠᠶᠢᠷᠴᠠᠭ᠄ | ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | wlcbjbzx@126.com | ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | jnqwxjb@126.com | ᠹᠧᠩᠵᠧᠨ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | fzwxjb@126.com | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ | ᠠᠯᠪᠠᠨ ᠭᠡᠷ᠄ cyqqwxjb@126.com | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ᠄ cyzqwxjb@126.com | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ | ᠠᠯᠪᠠᠨ ᠭᠡᠷ᠄ cyhqwxjb@126.com | ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | szwqwxjb@126.com | ᠵᠦᠸᠧᠽᠢ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | zzxwxjb@126.com | ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | lcxwxjb@126.com | ᠰᠢᠩ ᠾᠧ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | xhxxlzx@163.com | ᠱᠠᠩᠳᠤ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | sdwxjb@126.com | ᠬᠤᠸᠠᠳᠧ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | hdxwxjb@163.com | ᠳᠥᠷᠪᠡ᠂ ᠢᠯᠡᠴᠢᠯᠡᠨ ᠮᠡᠳᠡᠭᠦᠯᠬᠦ ᠱᠠᠭᠠᠷᠳᠠᠯᠭ᠎ᠠ | 1. ᠣᠭᠲᠣᠯᠤᠭᠠᠰᠤ ᠵᠢᠷᠤᠭ ᠵᠡᠷᠭᠡ ᠬᠠᠮᠢᠶ᠎ᠠ ᠪᠦᠬᠦᠢ ᠢᠯᠡᠴᠢᠯᠡᠨ ᠮᠡᠳᠡᠭᠦᠯᠬᠦ ᠮᠠᠲ᠋ᠧᠷᠢᠶᠠᠯ ᠢ ᠬᠠᠩᠭᠠᠬᠤ ᠪᠣᠯᠪᠠᠤ | 2. ᠢᠯᠡᠴᠢᠯᠡᠨ ᠮᠡᠳᠡᠭᠦᠯᠬᠦ ᠭᠤᠣᠯ ᠴᠣᠭᠴᠠ ᠨᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠪᠤᠰᠤᠳᠴᠢ ᠴᠢᠨᠠᠷ᠂ | ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠪᠡᠶ᠎ᠡ ᠶᠢᠨ ᠭᠠᠷᠤᠯ ᠪᠠ ᠭᠡᠷᠡᠴᠢ ᠪᠠᠷᠢᠮᠲᠠ ᠶᠢ ᠬᠠᠭᠤᠷᠮᠠᠭ ᠢᠶᠠᠷ | ᠵᠣᠬᠢᠶᠠᠵᠤ ᠪᠣᠯᠬᠤ ᠦᠭᠡᠢ︔ | 3᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠳᠠᠭᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ ᠶᠠᠷᠢᠶ᠎ᠠ ᠬᠡᠯᠡᠯᠴᠡᠭᠡ ᠨᠡᠶᠢᠲᠡᠯᠡᠵᠦ ᠪᠣᠯᠬᠤ | ᠦᠭᠡᠢ᠂ ᠢᠯᠡᠴᠢᠯᠡᠨ ᠮᠡᠳᠡᠭᠦᠯᠦᠭᠰᠡᠨ ᠭᠤᠣᠯ ᠴᠣᠭᠴᠠ ᠨᠢ ᠬᠠᠤᠯᠢ ᠠᠴᠠ ᠵᠥᠷᠢᠴᠡᠨ ᠦᠭᠡ ᠦᠯᠡᠳᠡᠭᠡᠭᠰᠡᠨ ᠦᠢᠯᠡ | ᠠᠵᠢᠯᠯᠠᠭ᠎ᠠ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠠᠨ ᠤ ᠬᠠᠩᠬᠠᠭᠰᠠᠨ ᠵᠠᠩᠬᠢ ᠵᠥᠪᠬᠡᠨ ᠠᠵᠢᠯ ᠤᠨ ᠬᠡᠷᠡᠭᠯᠡᠯᠲᠡ ᠳᠤ ᠬᠠᠩᠬᠠᠨ᠎ᠠ᠂ ᠲᠠᠨ ᠤ ᠮᠡᠳᠡᠭᠡ ᠵᠠᠩᠭᠢ ᠶᠢ | ᠬᠠᠤᠯᠢ ᠪᠤᠰᠤ ᠪᠠᠷ ᠨᠡᠶᠢᠲᠡᠯᠡᠬᠦ ᠦᠭᠡᠢ ᠭᠡᠵᠦ ᠪᠢᠳᠡ ᠠᠮᠠᠯᠳᠤᠶᠠ᠂ ᠲᠠ ᠰᠠᠨᠠᠭ᠎ᠠ ᠠᠮᠤᠷ ᠪᠠᠶᠢᠭᠠᠷᠠᠢ᠃ |