ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ | ᠲᠠᠪᠤᠳᠤᠭᠠᠷ ᠬᠤᠭᠤᠴᠠᠭᠠᠨ ᠤ ᠵᠦᠸᠧᠽᠢ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ | ᠳᠤᠭᠤᠶᠢᠯᠠᠩ ᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠲᠠᠶᠢᠴᠢᠯᠠᠯᠳᠠ ᠶᠢᠨ ᠶᠡᠭᠡ | ᠬᠤᠷᠠᠯ ᠬᠤᠷᠠᠯᠳᠤᠪᠠ᠃ | ᠬᠤᠷᠠᠯ ᠳᠡᠭᠡᠷ᠎ᠡ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ | ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ | ᠡᠭᠦᠷᠭᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠴᠠᠭᠳᠠᠨ ᠪᠠᠶᠢᠴᠠᠭᠠᠬᠤ ᠠᠵᠢᠯ ᠤᠨ ᠲᠥᠰᠦᠯ ᠢ | ᠤᠩᠰᠢᠨ ᠨᠡᠶᠢᠲᠡᠯᠡᠵᠦ᠂ ᠴᠠᠭᠳᠠᠨ ᠪᠠᠶᠢᠴᠠᠭᠠᠬᠤ ᠡᠲᠡᠭᠡᠳ᠂ ᠴᠠᠭ ᠤᠨ ᠲᠣᠬᠢᠷᠠᠭᠤᠯᠤᠯᠲᠠ ᠪᠠ ᠠᠵᠢᠯ ᠤᠨ | ᠭᠤᠤᠯᠳᠠᠯᠭ᠎ᠠ ᠶᠢ ᠲᠣᠳᠣᠷᠬᠠᠶᠢᠯᠠᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠨᠢ ᠤᠯᠤᠰ ᠲᠦᠷᠦ ᠶᠢᠨ ᠵᠥᠪᠯᠡᠯᠭᠡᠨ ᠤ | ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠦᠢᠯᠡᠴᠢᠯᠡᠭᠡᠨ ᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠬᠢᠨ ᠪᠣᠯ ᠳᠠᠷᠤᠢ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠲᠠᠷᠠᠯ ᠤᠨ ᠬᠦᠴᠦᠨ᠂ | ᠲᠠᠶᠢᠴᠢᠨ ᠬᠦᠴᠦᠨ ᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪ ᠴᠢᠭᠯᠡᠯ ᠢᠶᠠᠷ ᠴᠢᠨᠠᠷ | ᠰᠠᠶᠢᠲᠠᠢ ᠬᠥᠭᠵᠢᠬᠦ ᠶᠢ ᠪᠠᠲᠤᠯᠠᠬᠤ ᠶᠢᠨ ᠲᠥᠯᠥᠭᠡ ᠶᠤᠮ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠪᠣᠯᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠣᠭᠤᠷᠢᠨ ᠪᠠᠶᠢᠴᠠᠭᠠᠬᠤ | ᠠᠵᠢᠯ ᠳᠤ ᠬᠠᠮᠵᠢᠯᠴᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠵᠢᠯ ᠤᠨ ᠡᠭᠦᠷᠭᠡ ᠶᠢ ᠬᠠᠮᠲᠤᠪᠠᠷ ᠰᠠᠶᠢᠲᠤᠷ ᠪᠡᠶᠡᠯᠡᠭᠦᠯᠵᠦ᠂ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠳᠤ ᠨᠡᠩ ᠰᠠᠶᠢᠲᠤᠷ ᠦᠢᠯᠡᠴᠢᠯᠡᠵᠦ᠂ ᠨᠡᠶᠢᠭᠡᠮ ᠵᠢᠷᠤᠮ ᠤᠨ | ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠬᠤᠷᠠᠯ ᠳᠡᠭᠡᠷ᠎ᠡ ᠪᠠᠰᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠤᠳᠤᠷᠢᠳᠬᠤ ᠪᠠᠭ | ᠵᠢᠴᠢ ᠤᠳᠤᠷᠢᠳᠬᠤ ᠪᠠᠭ ᠤᠨ ᠪᠦᠷᠢᠯᠳᠦᠬᠦᠨ ᠢ ᠲᠤᠰ ᠲᠤᠰ ᠠᠷᠠᠳᠴᠢᠯᠠᠯ ᠢᠶᠠᠷ ᠰᠢᠯᠭᠠᠨ ᠦᠨᠡᠯᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |