ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ ︵2025 ᠣᠨ ᠤ 3 | ᠰᠠᠷ᠎ᠠ ᠶᠢᠨ 28 ᠤ ᠡᠳᠦᠷ᠂ ᠪᠡᠭᠡᠵᠢᠩ ᠳᠤ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ | ᠰᠢ ᠶᠢᠨ ᠫᠢᠩ ᠬᠠᠪᠤᠷ ᠤᠨ ᠤᠷᠢᠨ ᠳᠤᠯᠠᠭᠠᠨ ᠤᠯᠠᠷᠢᠯ ᠳᠤ᠂ ᠲᠠ ᠤᠯᠠᠨ ᠲᠠᠢ ᠠᠭᠤᠯᠵᠠᠵᠤ ᠰᠠᠨᠠᠯ ᠢᠶᠠᠨ ᠰᠣᠯᠢᠯᠴᠠᠬᠤ | ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠤᠯᠠᠨ ᠢ ᠤᠷᠢᠵᠤ ᠠᠪᠴᠢᠷᠠᠭᠰᠠᠨ ᠨᠢ ᠤᠯᠠᠨ ᠤ ᠰᠠᠨᠠᠯ ᠢ ᠰᠣᠨᠣᠰᠴᠤ᠂ | ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠥᠷᠭᠡᠨ ᠤᠯᠠᠨ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠳᠤᠮᠳᠠᠳᠤ ᠤᠯᠤᠰ ᠲᠤ ᠨᠡᠩ ᠰᠠᠶᠢᠨ ᠬᠥᠭᠵᠢᠬᠦ ᠶᠢ ᠳᠡᠮᠵᠢᠬᠦ ᠶᠢᠨ ᠲᠥᠯᠥᠭᠡ ᠶᠤᠮ᠃ ᠪᠢ 4 ᠲᠠᠯ᠎ᠠ ᠶᠢᠨ | ᠲᠠᠨᠢᠯᠲᠠ ᠶᠢᠨ ᠲᠤᠬᠠᠢ ᠶᠠᠷᠢᠶ᠎ᠠ᠃ | ᠨᠢᠭᠡ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠠ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠪᠡ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 | ᠭᠠᠷᠤᠢ ᠵᠢᠯ ᠤᠨ ᠲᠤᠷᠰᠢ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠣᠷᠳᠣ ᠬᠤᠭᠤᠴᠠᠭᠠᠨ ᠤ | ᠲᠣᠭᠲᠠᠭᠤᠨ ᠪᠠᠶᠢᠳᠠᠯ ᠤᠨ ︽ᠬᠤᠶᠠᠷ ᠶᠡᠭᠡ ᠭᠠᠶᠢᠬᠠᠮᠰᠢᠭ︾ ᠢ ᠡᠭᠦᠳᠦᠭᠰᠡᠨ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠳᠤ | ᠲᠦᠰᠢᠭᠯᠡᠭᠰᠡᠨ ᠶᠤᠮ᠂ ᠡᠭᠦᠨ ᠳᠤ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠦᠵᠡᠭᠦᠯᠦᠭᠰᠡᠨ ᠬᠤᠪᠢ ᠨᠡᠮᠡᠷᠢ ᠶᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ | ᠦᠭᠡᠢ ᠶᠤᠮ᠃ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠦᠳᠲᠡᠷ ᠲᠦᠷᠭᠡᠨ ᠢᠶᠠᠷ ᠳᠡᠯᠡᠬᠡᠢ ᠶᠢᠨ ᠵᠠᠬ᠎ᠠ | ᠳᠡᠯᠭᠡᠭᠦᠷ ᠲᠤ ᠣᠷᠣᠭᠤᠯᠵᠤ᠂ ᠶᠡᠭᠡ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠪᠤᠯᠭᠠᠬᠰᠠᠨ ᠤ ᠴᠢᠬᠤᠯᠠ ᠨᠢᠭᠡ | ᠵᠤᠷᠪᠤᠰ ᠪᠣᠯ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠭᠰᠠᠨ ᠶᠠᠪᠤᠳᠠᠯ ᠪᠣᠯᠣᠨ᠎ᠠ᠃ 1979 ᠣᠨ ᠳᠤ ᠳᠤᠮᠳᠠᠳᠤ | ᠤᠯᠤᠰ ᠠᠴᠠ ᠳᠤᠮᠳᠠᠳᠤ ᠭᠠᠳᠠᠭᠠᠳᠤ ᠪᠡᠯᠡ ᠶᠢᠨ ᠨᠡᠶᠢᠯᠡᠭᠦᠯᠦᠨ ᠡᠵᠡᠩᠨᠡᠬᠦ ᠠᠵᠤ ᠠᠬᠤᠶᠢᠯᠠᠯ ᠤᠨ ᠬᠠᠤᠯᠢ ᠶᠢ ᠨᠡᠶᠢᠲᠡᠯᠡᠵᠦ᠂ | ᠭᠠᠳᠠᠭᠠᠳᠤ ᠶᠢᠨ ᠪᠡᠯᠡ ᠶᠢ ᠠᠰᠢᠭᠯᠠᠬᠤ ᠡᠭᠦᠳᠡ ᠶᠢ ᠠᠯᠬᠤᠮ ᠠᠯᠬᠤᠮ ᠢᠶᠠᠷ ᠨᠡᠭᠡᠭᠡᠪᠡ᠃ 1992 ᠣᠨ ᠳᠤ ᠳᠤᠮᠳᠠᠳᠤ | ᠤᠯᠤᠰ ᠠᠴᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠪᠠᠷ ᠲᠣᠭᠲᠠᠵᠤ᠂ | ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠪᠡᠯᠡ ᠣᠷᠣᠭᠤᠯᠬᠤ ᠶᠢ ᠪᠦᠭᠦ ᠲᠠᠯ᠎ᠠ ᠪᠠᠷ ᠲᠦᠷᠭᠡᠳᠬᠡᠪᠡ᠃ | 2001 ᠣᠨ ᠳᠤ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠵᠢᠩᠬᠢᠨᠢ ᠪᠠᠷ ᠣᠷᠣᠵᠤ᠂ | ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠨᠢ ᠤᠯᠠᠮ ᠠᠴᠠ ᠤᠯᠠᠮ | ᠣᠯᠠᠰᠢᠷᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ᠂ ᠳᠤᠮᠳᠠᠳᠤ | ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠱᠠᠲᠤᠨ ᠳᠤ ᠣᠷᠣᠵᠤ᠂ ᠭᠠᠳᠠᠭᠠᠳᠤ ᠪᠡᠯᠡ ᠶᠢ | ᠠᠰᠢᠭᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠣᠳᠣᠬᠠᠨ ᠪᠤᠯᠲᠠᠯ᠎ᠠ ᠭᠠᠳᠠᠭᠠᠳᠤ ᠶᠢᠨ ᠠᠵᠤ ᠠᠬᠤᠶᠢᠯᠠᠯ ᠤᠨ | ᠳᠤᠮᠳᠠᠳᠤ ᠤᠯᠤᠰ ᠲᠠᠬᠢ ᠪᠡᠯᠡ ᠤᠷᠤᠭᠤᠯᠤᠯᠲᠠ 20 ᠠᠵᠢᠯ ᠲᠥᠷᠥᠯ ᠤᠨ ᠲᠦᠷᠦᠯ ᠵᠦᠢᠯ᠂ 115 ᠠᠵᠢᠯ ᠲᠥᠷᠥᠯ ᠤᠨ | ᠲᠣᠮᠣ ᠲᠥᠷᠥᠯ ᠢ ᠪᠦᠷᠬᠦᠵᠦ᠂ ᠨᠡᠶᠢᠲᠡ 124 ᠲᠦᠮᠡᠨ ᠡᠷᠦᠭᠡ ᠠᠵᠤ ᠠᠬᠤᠶᠢᠯᠠᠯ ᠢ ᠪᠠᠶᠢᠭᠤᠯᠵᠤ᠂ ᠪᠡᠯᠡ | ᠣᠷᠣᠭᠤᠯᠤᠯᠲᠠ ᠶᠢᠨ ᠬᠡᠮᠵᠢᠶ᠎ᠡ ᠨᠢ 3 ᠲᠦᠮᠡᠨ ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠡᠢ᠃ ᠭᠠᠳᠠᠭᠠᠳᠤ ᠶᠢᠨ ᠠᠵᠤ | ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠵᠤ᠂ ᠳᠤᠮᠳᠠᠳᠤ ᠤᠯᠤᠰ ᠤᠨ ᠬᠥᠭᠵᠢᠯᠲᠡ ᠳᠤ ᠴᠢᠬᠤᠯᠠ | ᠦᠢᠯᠡᠳᠦᠯ ᠦᠵᠡᠭᠦᠯᠪᠡ᠃ ᠨᠢᠭᠡ ᠳᠤ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠪᠠ ᠠᠵᠢᠯ ᠣᠯᠭᠤᠯᠲᠠ ᠶᠢ | ᠲᠠᠶᠢᠴᠢᠯᠠᠪᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠨᠢ ᠳᠤᠮᠳᠠᠳᠤ ᠤᠯᠤᠰ ᠤᠨ 1/3 ᠶᠢᠨ ᠭᠠᠳᠠᠭᠠᠳᠤ | ᠣᠷᠣᠭᠤᠯᠤᠯᠲᠠ ᠭᠠᠷᠭᠠᠯᠲᠠ᠂ 1/4 ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ 1/7 ᠶᠢᠨ ᠭᠠᠶᠢᠯᠢ | ᠲᠠᠲᠠᠪᠤᠷᠢ ᠳᠤ ᠬᠤᠪᠢ ᠨᠡᠮᠡᠷᠢ ᠦᠵᠡᠭᠦᠯᠵᠦ᠂ 3000 ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ᠃ | ᠬᠤᠶᠠᠷ ᠲᠤ ᠳᠤᠮᠳᠠᠳᠤ ᠤᠯᠤᠰ ᠤᠨ ᠮᠡᠷᠭᠡᠵᠢᠯ ᠪᠣᠯᠣᠨ ᠬᠠᠮᠢᠶᠠᠷᠤᠯᠲᠠ ᠶᠢᠨ ᠲᠡᠪᠰᠢᠯᠳᠠ ᠶᠢ ᠠᠬᠢᠭᠤᠯᠪᠠ᠃ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠠᠪᠴᠢᠷᠠᠭᠰᠠᠨ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠨᠢ | ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠪᠠ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠳᠤ ᠢᠳᠡᠪᠬᠢᠲᠡᠢ | ᠨᠥᠯᠥᠭᠡ ᠦᠵᠡᠭᠦᠯᠪᠡ᠃ ᠥᠩᠭᠡᠷᠡᠭᠰᠡᠨ 10 ᠵᠢᠯ ᠳᠤ ᠳᠤᠮᠳᠠᠳᠤ ᠤᠯᠤᠰ ᠲᠤ ᠪᠠᠶᠢᠭ᠎ᠠ ᠬᠡᠪᠴᠢᠶᠡᠵᠢᠯ ᠠᠴᠠ ᠳᠡᠭᠡᠭᠰᠢᠬᠢ | ᠭᠠᠳᠠᠭᠠᠳᠤ ᠪᠡᠯᠡ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ 86. | 4% ᠪᠠᠷ ᠨᠡᠮᠡᠭᠳᠡᠵᠦ᠂ ᠪᠦᠲᠦᠮᠵᠢᠲᠡᠢ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ 336% ᠪᠠᠷ ᠨᠡᠮᠡᠭᠳᠡᠪᠡ᠃ | ᠭᠤᠷᠪᠠ ᠳᠤ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠪᠦᠭᠦ | ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠳᠤ ᠭᠦᠨᠵᠡᠭᠡᠢ ᠣᠷᠤᠯᠴᠠᠬᠤ ᠶᠢ ᠠᠬᠢᠭᠤᠯᠵᠤ᠂ ᠤᠯᠠᠨ | ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢ ᠠᠬᠤᠢ ᠵᠡᠷᠭᠡ ᠤᠯᠠᠨ ᠲᠠᠯ᠎ᠠ ᠶᠢᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠪᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠᠰᠠ ᠳᠤᠮᠳᠠᠳᠤ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠵᠢᠯᠯᠠᠭ᠎ᠠ ᠪᠣᠯᠣᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠪᠤᠰᠤᠳ ᠦᠢᠯᠡᠰ ᠲᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠠᠷᠠᠳ ᠲᠦᠮᠡᠨ ᠲᠠᠢ ᠭᠦᠨ | ᠵᠤᠵᠠᠭᠠᠨ ᠨᠥᠬᠦᠷᠯᠡᠯ ᠪᠠᠶᠢᠭᠤᠯᠪᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠣᠯᠣᠨ | ᠰᠢᠨ᠎ᠡ ᠶᠢ ᠡᠭᠦᠳᠬᠦ ᠡᠭᠦᠳᠦᠨ ᠪᠦᠲᠦᠭᠡᠯᠲᠡ ᠶᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ ᠤᠨ ᠳᠡᠯᠡᠬᠡᠢ | ᠳ᠋ᠠᠬᠢᠨ ᠢ ᠬᠤᠯᠪᠣᠨ ᠨᠡᠪᠲᠡᠷᠡᠯᠴᠡᠭᠦᠯᠬᠦ᠂ ᠠᠵᠤ ᠠᠬᠤᠢ ᠶᠢᠨ ᠳᠡᠯᠡᠬᠡᠶᠢᠵᠢᠯᠲᠡ ᠳᠤ ᠠᠭᠤᠰᠤᠯᠴᠠᠬᠤ ᠶᠢᠨ ᠴᠢᠬᠤᠯᠠ | ᠣᠷᠣᠯᠴᠠᠭᠴᠢ ᠮᠥᠨ ᠭᠡᠳᠡᠭ ᠢ ᠦᠢᠯᠡᠳᠦᠯᠭᠡ ᠭᠡᠷᠡᠴᠢᠯᠡᠪᠡ᠃ ᠠᠳᠡ ᠪᠢ ᠳᠤᠮᠳᠠᠳᠤ ᠤᠯᠤᠰ ᠤᠨ ᠬᠥᠭᠵᠢᠯᠲᠡ ᠳᠤ | ᠣᠷᠣᠯᠴᠠᠬᠰᠠᠨ ᠪᠠ ᠲᠡᠭᠦᠨ ᠢ ᠳᠡᠮᠵᠢᠭᠰᠡᠨ ᠪᠤᠢ ᠪᠦᠬᠦᠢ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠬᠡᠶ᠎ᠡ︕ ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ | ᠢᠷᠡᠵᠦ ᠪᠡᠯᠡ ᠣᠷᠣᠭᠤᠯᠤᠭᠠᠳ ᠨᠡᠶᠢᠳᠡᠮ ᠳᠡᠭᠡᠨ ᠡᠯᠪᠡᠭ ᠳᠡᠯᠪᠡᠭ ᠠᠴᠢ ᠬᠠᠷᠢᠭᠤ ᠣᠯᠵᠤ ᠪᠠᠶᠢᠬᠤ ᠶᠢ ᠪᠢᠳᠡ | ᠪᠠᠶᠠᠷ ᠲᠠᠢ ᠪᠠᠷ ᠣᠯᠵᠤ ᠬᠠᠷᠠᠯ᠎ᠠ᠃ ᠵᠠᠷᠢᠮ ᠨᠢ ᠲᠠᠩ ᠭᠠᠭᠴᠠ ᠲᠤᠬᠠᠶᠢᠯᠠᠭᠰᠠᠨ ᠠᠵᠢᠯ ᠢᠶᠠᠨ ᠶᠡᠷᠦᠩᠬᠡᠶᠢᠯᠡᠭᠰᠡᠨ ᠡᠵᠡᠩᠨᠡᠯᠲᠡ | ᠪᠣᠯᠭᠠᠨ ᠥᠷᠭᠡᠳᠬᠡᠵᠦ᠂ ᠵᠠᠷᠢᠮ ᠨᠢ ᠨᠢᠭᠡ ᠭᠠᠵᠠᠷ ᠲᠤ ᠡᠵᠡᠩᠨᠡᠵᠦ ᠪᠠᠶᠢᠭᠰᠠᠨ ᠠᠴᠠ ᠪᠠᠨ ᠤᠯᠠᠨ ᠭᠠᠵᠠᠷ ᠲᠤ ᠪᠦᠭᠦ | ᠲᠠᠯ᠎ᠠ ᠪᠠᠷ ᠬᠥᠭᠵᠢᠵᠦ᠂ ᠵᠠᠷᠢᠮ ᠨᠢ ᠨᠢᠭᠡ ᠦᠢᠯᠡᠳᠪᠦᠷᠢ ᠠᠴᠠ ᠪᠠᠨ ᠠᠵᠤ ᠠᠬᠤᠶᠢᠯᠠᠯ ᠤᠨ ᠪᠦᠯᠦᠭᠯᠡᠯ ᠪᠣᠯᠣᠨ | ᠪᠤᠵᠠᠭᠠᠶᠢᠷᠠᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠨᠢ ᠬᠡᠳᠦᠨ ᠲᠠᠭᠢᠨ᠂ ᠬᠡᠳᠦᠨ ᠠᠷᠪᠠᠨ ᠲᠠᠭᠢᠨ ᠴᠢᠨᠠᠭᠰᠢᠯᠠᠪᠠᠯ | ᠵᠠᠭᠤ ᠭᠠᠷᠤᠢ ᠲᠠᠭᠢᠨ ᠢᠶᠠᠷ ᠨᠡᠮᠡᠭᠳᠡᠵᠦ ᠪᠠᠶᠢᠨ᠎ᠠ᠃ ᠶᠠᠭ ᠳᠤᠮᠳᠠᠳᠤ ᠤᠯᠤᠰ ᠤᠨ ᠡᠷᠲᠡᠨ ᠤ ᠦᠭᠡᠨ ᠳᠤ ᠬᠡᠯᠡᠭᠰᠡᠨ ︽ | ᠮᠤᠳᠤᠷ ᠵᠢᠮᠢᠰ ᠤᠨ ᠠᠴᠢ ᠶᠢ ᠴᠡᠪᠡᠷ ᠬᠠᠰ ᠢᠶᠠᠷ ᠬᠠᠷᠢᠭᠤᠯᠤᠮᠤᠢ︾ ᠭᠡᠳᠡᠭᠴᠢᠯᠡᠨ᠂ ᠡᠨᠡ ᠨᠢ ᠳᠠᠷᠤᠢ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠬᠠᠷᠠᠭᠤᠯᠵᠤ ᠪᠠᠶᠢᠨ᠎ᠠ᠃ ᠬᠤᠶᠠᠷ᠂ ᠳᠤᠮᠳᠠᠳᠤ ᠤᠯᠤᠰ ᠣᠷᠳᠣ ᠬᠤᠭᠤᠴᠠᠭ᠎ᠠ ᠪᠠᠷ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠢᠶᠠᠨ ᠬᠥᠭᠵᠢᠭᠦᠯᠬᠦ ᠰᠢᠮᠡᠲᠦ ᠬᠥᠷᠥᠰᠥ ᠪᠣᠯᠣᠨ᠎ᠠ | ᠤᠯᠠᠨ ᠵᠢᠯ ᠤᠨ ᠲᠤᠷᠰᠢ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ ᠬᠤᠪᠢ | ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠵᠤ᠂ ᠤᠳᠤ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠵᠢᠯ ᠦᠢᠯᠡᠰ ᠤᠨ ᠲᠠᠪᠴᠠᠩ ᠶᠡᠭᠡ᠂ ᠵᠠᠬ᠎ᠠ ᠳᠡᠯᠭᠡᠭᠦᠷ ᠤᠨ | ᠢᠷᠡᠭᠡᠳᠦᠢ ᠥᠷᠭᠡᠨ᠂ ᠲᠦᠷᠦ ᠶᠢᠨ ᠪᠣᠳᠣᠯᠭ᠎ᠠ ᠶᠢᠨ ᠵᠢᠱᠢᠯᠲᠡ ᠲᠣᠭᠲᠠᠭᠤᠨ᠂ ᠠᠮᠤᠷ ᠲᠦᠪᠰᠢᠨ ᠤ ᠪᠠᠶᠢᠳᠠᠯ ᠰᠠᠶᠢᠨ | ᠪᠠᠶᠢᠨ᠎ᠠ᠂ ᠶᠠᠭ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠢᠶᠠᠨ ᠬᠥᠭᠵᠢᠭᠦᠯᠬᠦ ᠳᠤ | ᠠᠰᠢᠭᠲᠠᠢ ᠰᠢᠮᠡᠲᠦ ᠬᠥᠷᠥᠰᠥ ᠪᠣᠯᠣᠨ᠎ᠠ᠃ ᠭᠠᠳᠠᠭᠠᠳᠤ ᠨᠡᠭᠡᠭᠡᠯᠲᠡ ᠪᠣᠯ ᠳᠤᠮᠳᠠᠳᠤ ᠤᠯᠤᠰ ᠤᠨ ᠦᠨᠳᠦᠰᠦᠨ ᠤᠯᠤᠰ ᠤᠨ | ᠪᠣᠳᠣᠯᠭ᠎ᠠ ᠮᠥᠨ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ | ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ ᠪᠠᠶᠢᠨ᠎ᠠ᠃ | ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠠᠬᠢᠭᠤᠯᠵᠤ᠂ ᠨᠡᠭᠡᠭᠡᠯᠲᠡ ᠬᠢᠬᠦ ᠡᠭᠦᠳᠡ ᠪᠠᠨ | ᠶᠠᠪᠤᠬᠤ ᠳᠤᠳᠤᠮ ᠶᠡᠭᠡ ᠨᠡᠭᠡᠭᠡᠵᠦ᠂ ᠭᠠᠳᠠᠭᠠᠳᠤ ᠪᠡᠯᠡ ᠶᠢ ᠠᠰᠢᠭᠯᠠᠬᠤ ᠳᠦᠷᠦ ᠶᠢᠨ ᠪᠣᠳᠣᠯᠭ᠎ᠠ ᠬᠤᠪᠢᠷᠠᠭᠰᠠᠨ ᠦᠭᠡᠢ | ᠮᠥᠷᠲᠡᠭᠡᠨ ᠬᠤᠪᠢᠷᠠᠭᠤᠯᠬᠤ ᠴᠤ ᠦᠭᠡᠢ ᠶᠤᠮ ᠭᠡᠳᠡᠭ ᠢ ᠪᠢ ᠠᠳᠡ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠳᠤᠮᠳᠠᠳᠤ | ᠤᠯᠤᠰ ᠪᠣᠯ ᠪᠦᠭᠦ ᠪᠥᠮᠪᠥᠷᠴᠡᠭ ᠤᠨ ᠬᠤᠶᠠᠳᠤᠭᠠᠷ ᠲᠣᠮᠣ ᠬᠡᠷᠡᠭᠯᠡᠭᠡ ᠶᠢᠨ ᠵᠠᠬ᠎ᠠ ᠳᠡᠯᠭᠡᠭᠦᠷ ᠪᠣᠯᠣᠨ᠎ᠠ᠂ ᠪᠦᠭᠦ | ᠪᠥᠮᠪᠥᠷᠴᠡᠭ ᠤᠨ ᠬᠠᠮᠤᠭ ᠤᠨ ᠶᠡᠭᠡ ᠬᠡᠪᠴᠢᠶ᠎ᠡ ᠲᠠᠢ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠲᠠᠢ ᠪᠠᠶᠢᠵᠤ᠂ | ᠲᠡᠭᠦᠨ ᠳᠤ ᠯᠤᠲᠤ ᠶᠡᠭᠡ ᠪᠡᠯᠡ ᠣᠷᠣᠭᠤᠯᠤᠯᠲᠠ ᠪᠠ ᠬᠡᠷᠡᠭᠯᠡᠭᠡᠨ ᠤ ᠲᠠᠯᠳᠠ ᠬᠦᠴᠦᠨ ᠠᠭᠤᠯᠤᠭᠳᠠᠵᠤ ᠪᠠᠶᠢᠳᠠᠭ᠃ | ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠪᠡᠶᠡᠯᠡᠭᠦᠯᠵᠦ᠂ ᠪᠣᠬᠢᠷᠳᠤᠯ ᠦᠭᠡᠢ᠂ ᠲᠣᠭᠠᠴᠢᠯᠠᠯᠲᠠ᠂ | ᠣᠶᠤᠨᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠢᠵᠢ | ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠬᠠᠮᠤᠭ ᠤᠨ ᠰᠠᠶᠢᠨ ᠬᠡᠷᠡᠭᠯᠡᠭᠡ ᠶᠢᠨ ᠦᠵᠡᠭᠳᠡᠯ ᠪᠣᠯᠣᠨ᠎ᠠ᠃ | ᠭᠠᠳᠠᠭᠠᠳᠤ ᠪᠡᠯᠡ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠳᠠᠪᠠᠭᠤᠯᠢᠭ ᠪᠠ ᠴᠢᠳᠠᠪᠤᠷᠢ ᠪᠠᠨ ᠭᠦᠢᠴᠡᠳ | ᠪᠠᠳᠠᠷᠠᠭᠤᠯᠵᠤ᠂ ᠪᠦᠭᠦ ᠪᠥᠮᠪᠥᠷᠴᠡᠭ ᠤᠨ ᠥᠷᠢᠰᠦᠯᠳᠦᠭᠡᠨ ᠤ ᠳᠤᠮᠳᠠ ᠲᠡᠷᠢᠭᠦᠨ ᠲᠣᠭᠢᠶᠠᠯ ᠢ ᠣᠯᠵᠤ ᠪᠣᠯᠣᠨ᠎ᠠ᠃ ᠳᠤᠮᠳᠠᠳᠤ | ᠤᠯᠤᠰ ᠨᠢᠭᠡᠨᠲᠡ ᠭᠠᠳᠠᠭᠠᠳᠤ ᠪᠡᠯᠡ ᠶᠢ ᠠᠰᠢᠭᠯᠠᠬᠤ ᠨᠡᠯᠢᠶᠡᠳ ᠪᠦᠷᠢᠨ ᠲᠡᠭᠦᠯᠳᠡᠷ ᠬᠠᠤᠯᠢ ᠲᠣᠭᠲᠠᠭᠠᠯ ᠲᠦᠷᠦ ᠶᠢᠨ | ᠪᠣᠳᠣᠯᠭ᠎ᠠ ᠶᠢᠨ ᠰᠢᠰᠲ᠋ᠧᠮ ᠪᠠ ᠠᠵᠢᠯ ᠤᠨ ᠰᠢᠰᠲ᠋ᠧᠮ ᠢ ᠪᠦᠷᠢᠯᠳᠦᠭᠦᠯᠪᠡ᠃ ᠪᠢᠳᠡ ᠭᠠᠳᠠᠭᠠᠳᠤ ᠶᠢᠨ ᠠᠷᠠᠯᠵᠢᠶᠠᠴᠢᠨ ᠤ | ᠪᠡᠯᠡ ᠣᠷᠣᠭᠤᠯᠤᠯᠲᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ | ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠵᠢᠭᠰᠡᠨ | ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ ᠢᠯᠡ ᠲᠣᠳᠣ᠂ | ᠲᠣᠭᠲᠠᠭᠤᠨ᠂ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ᠂ ᠭᠠᠳᠠᠭᠠᠳᠤ | ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠠᠮᠤᠭ ᠠᠩᠬ᠎ᠠ | 190 ᠵᠦᠢᠯ ᠪᠠᠶᠢᠭᠰᠠᠨ ᠠᠴᠠ ᠬᠠᠰᠤᠭᠠᠳ ᠤᠳᠤ ᠶᠢᠨ ᠪᠦᠭᠦ ᠤᠯᠤᠰ ᠤᠨ ᠬᠡᠪᠯᠡᠯ ᠤᠨ 29 ᠵᠦᠢᠯ ᠪᠠ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠡᠪᠯᠡᠯ ᠤᠨ 27 ᠵᠦᠢᠯ ᠪᠤᠯᠭᠠᠵᠤ᠂ ᠦᠢᠯᠡᠳᠬᠦ ᠦᠢᠯᠡᠰ ᠤᠨ ᠬᠦᠷᠢᠶᠡᠨ ᠳᠤ ︽ | ᠳᠠᠭᠤᠰᠬᠠᠬᠤ︾ ᠶᠢ ᠪᠡᠶᠡᠯᠡᠭᠦᠯᠪᠡ᠃ ᠣᠶᠢᠷ᠎ᠠ ᠶᠢᠨ ᠬᠡᠳᠦᠨ ᠵᠢᠯ ᠳᠤ᠂ ᠣᠯᠠᠨ ᠤᠯᠤᠰ ᠤᠨ ᠠᠵᠤ ᠠᠬᠤᠢ ᠶᠢᠨ ᠣᠷᠴᠢᠨ | ᠨᠥᠬᠦᠴᠡᠯ ᠤᠨ ᠬᠤᠪᠢᠷᠠᠯᠲᠠ ᠨᠡᠯᠢᠶᠡᠳ ᠶᠡᠭᠡ ᠪᠠᠶᠢᠵᠤ᠂ ᠪᠢᠳᠡ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠰᠢᠷᠢᠰ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠲᠦᠷᠦᠯ ᠲᠡᠮᠳᠡᠭ ᠢ | ᠦᠷᠭᠦᠯᠵᠢᠯᠡᠨ ᠡᠭᠦᠳᠴᠦ᠂ ᠡᠯ᠎ᠡ ᠭᠠᠵᠠᠷ ᠤᠨ ᠬᠢᠨ ᠴᠥᠮ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ | ᠪᠠᠲᠤᠯᠠᠭ᠎ᠠ ᠪᠠᠨ ᠴᠢᠩᠭᠠᠳᠬᠠᠪᠠ᠂ ᠡᠨᠡ ᠲᠠᠯ᠎ᠠ ᠶᠢᠨ ᠠᠵᠢᠯ ᠢ ᠶᠠᠪᠤᠬᠤ ᠲᠤᠲᠤᠮ ᠰᠠᠶᠢᠨ ᠬᠢᠬᠦ ᠪᠣᠯᠣᠨ᠎ᠠ᠃ ᠳᠤᠮᠳᠠᠳᠤ | ᠤᠯᠤᠰ ᠤᠷᠳᠤ ᠬᠤᠭᠤᠴᠠᠭ᠎ᠠ ᠪᠠᠷ ᠤᠯᠤᠰ ᠲᠦᠷᠦ ᠶᠢᠨ ᠪᠠᠶᠢᠳᠠᠯ ᠲᠣᠭᠲᠠᠭᠤᠨ᠂ ᠨᠡᠶᠢᠭᠡᠮ ᠠᠮᠤᠷ ᠲᠣᠭᠲᠠᠭᠤᠨ ᠪᠠᠶᠢᠬᠤ ᠶᠢ | ᠪᠠᠲᠤᠯᠠᠵᠤ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠬᠠᠮᠤᠭ ᠤᠨ ᠠᠮᠤᠷ ᠲᠦᠪᠰᠢᠨ ᠤᠯᠤᠰ ᠤᠨ ᠨᠢᠭᠡ ᠮᠥᠨ᠃ | ᠤᠯᠠᠨ ᠢᠶᠠᠷ ᠢᠶᠠᠨ ᠳᠤᠮᠳᠠᠳᠤ ᠤᠯᠤᠰ ᠲᠤ ᠠᠵᠢᠯᠯᠠᠵᠤ ᠠᠮᠢᠳᠤᠷᠠᠵᠤ᠂ ᠡᠶ᠎ᠡ ᠡᠪ ᠢ ᠡᠷᠬᠢᠮᠯᠡᠨ᠂ ᠡᠶ᠎ᠡ ᠨᠠᠶᠢᠷᠲᠠᠢ ᠬᠠᠮᠲᠤ | ᠣᠷᠣᠰᠢᠬᠤ ᠪᠣᠯᠪᠠᠰᠤᠨ ᠤ ᠤᠯᠠᠮᠵᠢᠯᠠᠯ ᠢ ᠣᠶᠢᠯᠠᠭᠠᠨ ᠮᠡᠳᠡᠷᠡᠵᠦ᠂ ᠢᠲᠡᠭᠡᠯ ᠢ ᠵᠢᠷᠤᠮᠯᠠᠨ ᠡᠪ ᠢ ᠬᠢᠴᠢᠶᠡᠬᠦ᠂ ᠲᠦᠷᠦᠯ | ᠰᠠᠲᠤᠨ ᠲᠠᠢ ᠪᠠᠨ ᠳᠣᠲᠣᠨᠣ᠂ ᠬᠥᠷᠰᠢ ᠵᠡᠷᠭᠡᠯᠡᠳᠡᠭᠡ ᠲᠠᠢ ᠪᠠᠨ ᠨᠥᠭᠦᠷᠰᠡᠭ ᠨᠡᠶᠢᠭᠡᠮ ᠤᠨ ᠠᠭᠤᠷ ᠠᠮᠢᠰᠬᠤᠯ ᠢ ᠪᠡᠶᠡᠴᠢᠯᠡᠨ | ᠣᠶᠢᠯᠠᠭᠠᠬᠤ ᠶᠢ ᠢᠲᠡᠭᠡᠵᠦ ᠪᠠᠶᠢᠨ᠎ᠠ᠃ ᠶᠡᠷᠦᠩᠬᠡᠶᠢᠯᠡᠭᠡᠳ ᠬᠡᠯᠡᠪᠡᠯ᠂ ᠳᠤᠮᠳᠠᠳᠤ ᠤᠯᠤᠰ ᠥᠩᠭᠡᠷᠡᠭᠰᠡᠨ ᠳᠤ᠂ ᠤᠳᠤ᠂ | ᠢᠷᠡᠭᠡᠳᠦᠢ ᠳᠤ ᠴᠦ ᠭᠡᠰᠡᠨ ᠯᠠᠪᠲᠠᠢ ᠭᠠᠳᠠᠭᠠᠳᠤ ᠶᠢᠨ ᠠᠷᠠᠯᠵᠢᠶᠠᠴᠢᠨ ᠤ ᠬᠦᠰᠡᠵᠦ ᠪᠠᠶᠢᠭ᠎ᠠ᠂ ᠠᠮᠤᠷ ᠲᠦᠪᠰᠢᠨ᠂ ᠵᠢᠳᠬᠦᠯ | ᠴᠢᠷᠮᠠᠶᠢᠯᠭ᠎ᠠ ᠭᠠᠷᠭᠠᠵᠤ ᠳᠡᠶᠢᠯᠭᠦ ᠪᠡᠯᠡ ᠣᠷᠣᠭᠤᠯᠤᠯᠲᠠ ᠶᠢᠨ ᠵᠣᠷᠢᠭᠰᠠᠨ ᠭᠠᠵᠠᠷ ᠪᠣᠯᠣᠨ᠎ᠠ᠂ ᠳᠤᠮᠳᠠᠳᠤ ᠤᠯᠤᠰ ᠲᠠᠢ | ᠬᠠᠮᠲᠤ ᠤᠷᠤᠭᠰᠢᠯᠠᠬᠤ ᠪᠣᠯ ᠠᠵᠠ ᠲᠣᠭᠢᠶᠠᠯ ᠲᠠᠢ ᠬᠠᠮᠲᠤ ᠤᠷᠤᠭᠰᠢᠯᠠᠭᠰᠠᠨ ᠶᠠᠪᠤᠳᠠᠯ ᠪᠠᠶᠢᠵᠤ᠂ ᠳᠤᠮᠳᠠᠳᠤ ᠤᠯᠤᠰ ᠢ | ᠢᠲᠡᠭᠡᠬᠦ ᠪᠣᠯ ᠮᠠᠷᠭᠠᠰᠢ ᠪᠠᠨ ᠢᠲᠡᠭᠡᠵᠦ ᠪᠠᠶᠢᠭ᠎ᠠ ᠶᠠᠪᠤᠳᠠᠯ ᠪᠠᠶᠢᠵᠤ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ | ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠪᠣᠯᠣᠨ᠎ᠠ ᠭᠡᠳᠡᠭ ᠢ ᠢᠲᠡᠭᠡᠵᠦ ᠪᠠᠶᠢᠨ᠎ᠠ᠃ ᠥᠷᠭᠡᠨ ᠤᠯᠠᠨ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠡᠷᠡᠭᠡᠯᠵᠡᠭᠡ ᠪᠠᠨ ᠠᠯᠳᠠᠷᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ | ᠰᠠᠨᠠᠭ᠎ᠠ ᠠᠮᠤᠷ ᠳᠤᠮᠳᠠᠳᠤ ᠤᠯᠤᠰ ᠲᠤ ᠢᠷᠡᠨ ᠬᠥᠭᠵᠢᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ | ᠬᠤᠪᠢᠶᠠᠯᠴᠠᠬᠤ ᠶᠢ ᠬᠦᠰᠡᠵᠦ ᠪᠠᠶᠢᠨ᠎ᠠ᠃ ᠭᠤᠷᠪᠠ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ | ᠤᠯᠤᠰ ᠲᠠᠬᠢ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ ᠡᠳᠡᠭᠡᠷ ᠵᠢᠯ ᠤᠳ ᠲᠤ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠬᠡᠷᠡᠨ ᠡᠳᠦᠢ ᠲᠡᠳᠦᠢ | ᠠᠰᠠᠭᠤᠳᠠᠯ ᠲᠤᠯᠭᠠᠷᠠᠵᠤ ᠪᠤᠢ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠣᠪᠣᠷ ᠮᠠᠰᠢ ᠢᠯᠠ ᠲᠣᠳᠣᠷᠬᠠᠢ ᠪᠠᠶᠢᠵᠤ | ᠂ ᠮᠠᠨ ᠤ ᠤᠯᠤᠰ ᠤᠨ ᠳᠣᠲᠣᠭᠠᠳᠤ ᠶᠢᠨ ᠬᠠᠮᠢᠶᠠᠷᠤᠯᠲᠠ ᠳᠤ ᠬᠤᠯᠪᠣᠭᠳᠠᠬᠤ ᠠᠰᠠᠭᠤᠳᠠᠯ ᠢ ᠪᠣᠯ ᠥᠭᠡᠷᠡᠴᠢᠯᠡᠯᠲᠡ | ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠰᠢᠢᠳᠪᠦᠷᠢᠯᠡᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠪᠣᠯᠣᠨ ᠭᠠᠳᠠᠭᠠᠳᠤ ᠳᠤ ᠵᠣᠷᠢᠭᠤᠯᠤᠭᠰᠠᠨ ᠪᠡᠯᠡ | ᠣᠷᠣᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠨᠢᠭᠡᠨᠲᠡ ᠵᠠᠮ ᠱᠤᠭᠤᠮ ᠤᠨ ᠵᠢᠷᠤᠭ ᠪᠠ | ᠴᠠᠭ ᠤᠨ ᠬᠦᠰᠦᠨᠦᠭᠲᠦ ᠶᠢ ᠲᠣᠭᠲᠠᠭᠠᠪᠠ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠳᠠᠭᠠᠯᠳᠤᠨ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠪᠦᠲᠦᠮᠵᠢᠲᠡᠢ ᠰᠢᠢᠳᠪᠦᠷᠢᠯᠡᠭᠳᠡᠨ᠎ᠡ ᠭᠡᠳᠡᠭ ᠢ ᠢᠲᠡᠭᠡᠵᠦ ᠪᠠᠶᠢᠨ᠎ᠠ᠃ | ᠨᠢᠭᠡ ᠳᠤ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠢ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠪᠣᠯ ᠮᠠᠨ ᠤ ᠲᠠᠷᠠᠭᠠᠴᠢ ᠶᠢᠨ ᠨᠡᠭᠡᠭᠡᠯᠲᠡ ᠬᠢᠬᠦ ᠶᠢ ᠥᠷᠭᠡᠳᠬᠡᠬᠦ ᠶᠢᠨ | ᠭᠤᠣᠯᠳᠠᠯᠭ᠎ᠠ ᠪᠣᠯᠣᠨ᠎ᠠ᠃ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠬᠤ ᠠᠴᠠ ᠪᠢᠰᠢ | ᠬᠤᠵᠢᠭᠤᠳᠠᠭᠤᠯᠵᠤ ᠪᠤᠯᠬᠤ ᠦᠭᠡᠢ᠂ ᠲᠦᠷᠭᠡᠨ ᠨᠠᠶᠢᠳᠠᠪᠤᠷᠢᠵᠢᠭᠤᠯᠬᠤ ᠠᠴᠠ ᠪᠢᠰᠢ ᠤᠳᠠᠭᠠᠰᠢᠷᠠᠭᠤᠯᠵᠤ ᠪᠤᠯᠬᠤ ᠦᠭᠡᠢ | ᠭᠡᠵᠦ ᠪᠢ ᠲᠤᠰᠬᠠᠶᠢᠯᠠᠨ ᠴᠢᠬᠤᠯᠠᠴᠢᠯᠠᠵᠤ ᠥᠩᠭᠡᠷᠡᠭᠰᠡᠨ ᠶᠤᠮ᠃ ᠡᠨᠡ ᠵᠢᠯ᠂ ᠪᠢᠳᠡ ᠵᠠᠷᠢᠮ ᠲᠠᠯ᠎ᠠ ᠶᠢᠨ ᠨᠡᠭᠡᠭᠡᠯᠲᠡ ᠬᠢᠬᠦ | ᠲᠤᠷᠰᠢᠯᠲᠠ ᠶᠢᠨ ᠴᠡᠭ ᠢ ᠥᠷᠭᠡᠳᠬᠡᠵᠦ᠂ ᠪᠠᠰᠠ ᠰᠣᠶᠣᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ | ᠬᠢᠬᠦ ᠶᠢ ᠲᠦᠷᠭᠡᠳᠬᠡᠬᠦ ᠪᠣᠯᠣᠨ᠎ᠠ᠃ ᠡᠭᠦᠨ ᠤ ᠬᠠᠮᠲᠤ᠂ ᠪᠢᠳᠡ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠶᠠᠪᠤᠴᠠ ᠳᠠᠬᠢ ︽ᠲᠣᠮᠣ ᠡᠭᠦᠳᠡ ᠶᠢ ᠨᠡᠭᠡᠭᠡᠵᠦ᠂ ᠵᠢᠵᠢᠭ ᠡᠭᠦᠳᠡ ᠶᠢ ᠨᠡᠭᠡᠭᠡᠬᠦ ᠦᠭᠡᠢ︾ ᠪᠣᠳᠠᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠮᠠᠨ ᠤ ᠨᠢᠭᠡᠨᠲᠡ ᠨᠡᠭᠡᠭᠡᠭᠰᠡᠨ ᠬᠦᠷᠢᠶᠡᠨ ᠳᠤ ︽ | ᠣᠷᠣᠬᠤ ᠶᠢ ᠵᠥᠪᠰᠢᠶᠡᠷᠡᠬᠦ ᠮᠥᠷᠲᠡᠭᠡᠨ ᠡᠵᠡᠩᠨᠡᠬᠦ ᠶᠢ ᠴᠦ ᠵᠥᠪᠰᠢᠶᠡᠷᠡᠬᠦ︾ ᠪᠣᠯᠭᠠᠨ᠎ᠠ᠃ ᠬᠤᠶᠠᠷ ᠲᠤ ᠵᠠᠬ᠎ᠠ ᠳᠡᠯᠭᠡᠭᠦᠷ ᠤᠨ | ᠲᠥᠪ ᠭᠤᠣᠯᠴᠢ ᠥᠷᠢᠰᠦᠯᠳᠦᠭᠡᠨ ᠢ ᠬᠠᠮᠠᠭᠠᠯᠠᠬᠤ ᠲᠤᠬᠠᠢ᠃ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠳ ᠤᠨ ᠤᠯᠤᠰ ᠤᠨ ᠠᠷᠠᠳ ᠢᠷᠭᠡᠨ ᠤ ᠬᠠᠷᠠᠭᠠᠯᠵᠠᠯ ᠢ ᠪᠠᠲᠤᠯᠠᠵᠤ᠂ ᠬᠠᠤᠯᠢ ᠴᠠᠭᠠᠵᠠ ᠶᠢ ᠬᠡᠷᠡᠭᠯᠡᠬᠦ | ᠲᠠᠯ᠎ᠠ ᠪᠠᠷ ᠨᠢᠭᠡᠳᠦᠯᠲᠡᠢ᠂ ᠪᠠᠶᠢᠷᠢ ᠰᠠᠭᠤᠷᠢ ᠬᠠᠷᠠᠭᠠᠯᠵᠠᠯ ᠤᠨ ᠲᠠᠯ᠎ᠠ ᠪᠠᠷ ᠠᠳᠠᠯᠢ ᠲᠡᠭᠰᠢ ᠪᠠᠶᠢᠬᠤ ᠶᠢ ᠪᠠᠲᠤᠯᠠᠬᠤ ᠶᠣᠰᠣᠲᠠᠢ | ᠭᠡᠵᠦ ᠪᠢᠳᠡ ᠦᠵᠡᠭᠰᠡᠭᠡᠷ ᠢᠷᠡᠭᠰᠡᠨ ᠶᠤᠮ᠃ ᠪᠢᠳᠡ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠣᠯᠬᠤ ᠶᠢ ᠪᠠᠲᠤᠯᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠵᠠᠷᠢᠮ ᠬᠦᠷᠢᠶᠡᠨ ᠳᠠᠬᠢ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ | ᠬᠦᠴᠦᠯᠡᠨ ᠴᠡᠭᠴᠡᠯᠡᠨ ᠵᠠᠰᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠳᠤ ᠦᠢᠯᠡᠳᠪᠦᠷᠢᠯᠡᠭᠰᠡᠨ | ᠦᠢᠯᠡᠳᠬᠦᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠡᠷᠬᠡ ᠲᠡᠭᠰᠢ ᠪᠠᠷ | ᠣᠷᠤᠯᠴᠠᠬᠤ ᠶᠢ ᠪᠠᠲᠤᠯᠠᠨ᠎ᠠ᠃ ᠤᠯᠠᠨ ᠤ ᠬᠦᠰᠡᠯ ᠱᠠᠭᠠᠷᠳᠠᠯᠭ᠎ᠠ ᠶᠢ ᠪᠢᠳᠡ ᠨᠠᠷᠢᠨ ᠬᠢᠨᠠᠮᠠᠭᠠᠢ ᠰᠤᠳᠤᠯᠵᠤ᠂ ᠶᠠᠮᠠᠷ | ᠠᠰᠠᠭᠤᠳᠠᠯ ᠪᠠᠶᠢᠪᠠᠯ ᠴᠠᠭ ᠲᠤᠬᠠᠢ ᠳᠤᠨᠢ ᠲᠡᠷᠡ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠬᠤ ᠲᠤᠬᠠᠢ᠃ ᠭᠠᠳᠠᠭᠠᠳᠤ ᠶᠢᠨ ᠠᠷᠠᠯᠵᠢᠶᠠᠴᠢᠨ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ | ᠴᠢᠩᠭᠠᠳᠬᠠᠵᠤ᠂ ᠳᠤᠮᠳᠠᠳᠤ ᠤᠯᠤᠰ ᠲᠤ ᠢᠷᠡᠵᠤ ᠠᠷᠠᠯᠵᠢᠶ᠎ᠠ ᠬᠢᠵᠦ ᠪᠡᠯᠡ ᠣᠷᠣᠭᠤᠯᠬᠤ ᠳᠤ ᠠᠯᠢ ᠴᠢᠳᠠᠬᠤ ᠪᠠᠷ ᠲᠦᠭᠦᠮ | ᠦᠵᠡᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠬᠤ ᠬᠡᠷᠡᠭᠲᠡᠢ ᠭᠡᠵᠦ ᠪᠢ ᠣᠯᠠᠨᠲᠠ ᠱᠠᠭᠠᠷᠳᠠᠭᠰᠠᠨ ᠶᠤᠮ᠃ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ | ᠶᠠᠮᠤᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠢ ᠰᠠᠷ᠎ᠠ ᠪᠦᠷᠢ ᠨᠢᠭᠡ ᠤᠳᠠᠭ᠎ᠠ | ᠬᠤᠷᠠᠯᠳᠤᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠬᠦᠴᠢᠷ ᠵᠣᠪᠠᠭᠤᠷᠢ ᠶᠢ ᠨᠢ ᠬᠠᠪᠰᠤᠷᠴᠤ | ᠰᠢᠢᠳᠪᠦᠷᠢᠯᠡᠨ ᠥᠭᠳᠡᠭ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠠᠳᠠᠭᠠᠳᠤ ᠪᠡᠯᠡ ᠶᠢᠨ ᠠᠵᠤ | ᠠᠬᠤᠶᠢᠯᠠᠯ ᠳᠤ ᠦᠢᠯᠡᠴᠢᠯᠡᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠢᠭᠡᠳ ᠨᠢᠭᠡ ᠪᠠᠷ ᠬᠠᠷᠠᠭᠠᠯᠵᠠᠨ︾ | ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠲᠣᠭᠤᠷᠢᠨ ᠰᠤᠷᠪᠤᠯᠵᠢᠯᠠᠵᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠪᠠ᠃ ᠡᠳᠡᠭᠡᠷ ᠠᠷᠭ᠎ᠠ ᠬᠢᠳᠡᠯ ᠢ ᠦᠷᠭᠦᠯᠵᠢᠯᠠᠨ ᠪᠠᠷᠢᠮᠲᠠᠯᠠᠨ᠎ᠠ᠃ ᠤᠯᠠᠨ ᠰᠠᠯᠠᠭ᠎ᠠ ᠮᠥᠴᠢᠷ ᠲᠤ | ᠬᠤᠯᠪᠣᠭᠳᠠᠭᠰᠠᠨ ᠠᠰᠠᠭᠤᠳᠠᠯ ᠳᠤ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤ ᠪᠠᠷ ᠰᠢᠢᠳᠪᠦᠷᠢᠯᠡᠬᠦ ᠶᠢ | ᠠᠬᠢᠭᠤᠯᠤᠨ᠎ᠠ᠃ ᠬᠥᠮᠥᠰ ᠤᠨ ᠶᠠᠪᠤᠯᠴᠠᠭ᠎ᠠ ᠶᠢ ᠨᠡᠮᠡᠭᠳᠡᠭᠦᠯᠬᠦ ᠪᠠ ᠳᠤᠮᠳᠠᠳᠤ ᠤᠯᠤᠰ ᠲᠤ ᠪᠠᠶᠢᠬᠤ ᠳᠤ ᠲᠦᠭᠦᠮ | ᠦᠵᠡᠭᠦᠯᠭᠦ ᠶᠢᠨ ᠲᠥᠯᠥᠭᠡ᠂ ᠡᠨᠡ ᠬᠡᠳᠦᠨ ᠵᠢᠯ ᠳᠤ ᠳᠤᠮᠳᠠᠳᠤ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠮᠠᠰᠢ ᠤᠯᠠᠨ ᠠᠷᠭ᠎ᠠ ᠬᠡᠮᠵᠢᠶ᠎ᠡ ᠠᠪᠴᠠᠢ᠂ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠤᠨ᠎ᠠ᠃ ᠡᠳᠡᠭᠡᠷ | ᠵᠢᠯ ᠤᠳ ᠲᠤ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠠᠪᠤᠳᠠᠯ ᠨᠢ | ᠪᠠᠰᠠ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠶᠢᠨ ᠬᠦᠴᠦᠨ ᠵᠦᠢᠯ ᠤᠨ ᠬᠠᠷᠰᠢᠯᠠᠯ ᠳᠤ ᠤᠴᠠᠷᠠᠪᠠ᠂ | ᠡᠨᠡ ᠨᠢ ᠤᠯᠠᠨ ᠤᠯᠤᠰ ᠤᠨ ᠤᠯᠤᠰ ᠲᠦᠷᠦ᠂ ᠭᠠᠳᠠᠭᠠᠳᠤ ᠬᠠᠷᠢᠯᠴᠠᠭ᠎ᠠ ᠳᠤ ᠬᠤᠯᠪᠣᠭᠳᠠᠵᠤ ᠪᠠᠶᠢᠨ᠎ᠠ᠃ ᠪᠤᠰᠤᠳ ᠤᠨ | ᠳ᠋ᠧᠩ ᠢ ᠤᠨᠲᠠᠷᠠᠭᠠᠬᠤ ᠨᠢ ᠥᠪᠡᠷ ᠢ ᠪᠠᠨ ᠢᠯᠡᠭᠦᠦ ᠭᠡᠷᠡᠯ ᠭᠡᠭᠡ ᠲᠠᠢ ᠪᠤᠯᠭᠠᠵᠤ ᠴᠢᠳᠠᠬᠤ ᠦᠭᠡᠢ︔ ᠪᠤᠰᠤᠳ ᠤᠨ ᠵᠠᠮ ᠢ | ᠬᠠᠰᠢᠪᠠᠯ ᠡᠴᠦᠰ ᠲᠡᠭᠡᠨ ᠥᠪᠡᠷ ᠤᠨ ᠵᠠᠮ ᠢᠶᠠᠨ ᠪᠥᠭᠯᠡᠨ᠎ᠡ ᠭᠡᠵᠦ ᠪᠢ ᠦᠷᠭᠦᠯᠵᠢ ᠶᠠᠷᠢᠳᠠᠭ᠃ ᠤᠯᠠᠨ ᠢᠶᠠᠷ ᠢᠶᠠᠨ ᠨᠡᠯᠢᠶᠡᠳ | ᠠᠩᠬᠠᠷᠴᠤ ᠪᠠᠶᠢᠭ᠎ᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠠᠰᠠᠭᠤᠳᠠᠯ ᠤᠨ ᠲᠠᠯ᠎ᠠ ᠪᠠᠷ᠂ ᠳᠤᠮᠳᠠᠳᠤ ᠠᠮᠧᠷᠢᠺᠠ ᠶᠢᠨ | ᠬᠠᠷᠢᠴᠠᠭ᠎ᠠ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠪᠠᠨ ᠪᠠᠲᠤᠯᠠᠬᠤ ᠨᠢ ᠬᠤᠶᠠᠷ ᠤᠯᠤᠰ ᠤᠨ ᠠᠷᠠᠳ | ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ ᠪᠠᠶᠢᠨ᠎ᠠ ᠭᠡᠵᠦ ᠪᠢᠳᠡ ᠢᠮᠠᠭᠲᠠ ᠦᠵᠡᠭᠰᠡᠭᠡᠷ ᠢᠷᠡᠪᠡ᠃ | ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠮᠥᠨ ᠴᠢᠨᠠᠷ ᠪᠣᠯ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ᠂ ᠠᠵᠤ ᠠᠬᠤᠢ ᠠᠷᠠᠯᠵᠢᠶᠠᠨ ᠤ ᠮᠥᠷᠭᠦᠯᠳᠦᠭᠡᠨ ᠢ ᠡᠷᠬᠡ ᠲᠡᠭᠰᠢ | ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠣᠬᠢᠰᠲᠠᠢ ᠰᠢᠢᠳᠪᠦᠷᠢᠯᠡᠪᠡᠯ ᠵᠣᠬᠢᠨ᠎ᠠ᠃ ᠳᠤᠮᠳᠠᠳᠤ ᠤᠯᠤᠰ ᠬᠠᠷᠢᠯᠴᠠᠨ | ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠵᠠᠷᠴᠢᠮ | ᠶᠣᠰᠣᠭᠠᠷ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠰᠢᠢᠳᠪᠦᠷᠢᠯᠡᠨ᠎ᠡ᠃ ᠳᠤᠮᠳᠠᠳᠤ ᠤᠯᠤᠰ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ | ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ | ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠳᠤᠮᠳᠠᠳᠤ ᠶᠢᠨ ᠡᠷᠲᠡᠨ ᠤ ᠦᠭᠡᠨ ᠳᠤ᠄ ︽ᠠᠯᠢ | ᠤᠯᠤᠰ ᠲᠤᠷ ᠬᠦᠷᠪᠡᠰᠦ ᠲᠡᠷᠡ ᠤᠯᠤᠰ ᠤᠨ ᠵᠠᠩᠰᠢᠯ ᠢ ᠳᠠᠭᠠᠮᠤᠢ᠂ ᠠᠯᠢ ᠭᠡᠷ ᠲᠤᠷ ᠣᠴᠢᠪᠠᠰᠤ ᠲᠡᠷᠡ ᠭᠡᠷ ᠤᠨ ᠴᠡᠭᠡᠷ ᠢ | ᠬᠢᠴᠢᠶᠡᠮᠦᠢ︾ ᠭᠡᠳᠡᠭ᠃ ᠳᠤᠮᠳᠠᠳᠤ ᠤᠯᠤᠰ ᠤᠨ ᠵᠠᠰᠠᠭ ᠤᠨ ᠣᠷᠳᠣᠨ ᠠᠴᠠ ᠭᠠᠳᠠᠭᠰᠢ ᠭᠠᠷᠤᠭᠰᠠᠨ ᠳᠤᠮᠳᠠᠳᠤ | ᠤᠯᠤᠰ ᠤᠨ ᠠᠵᠤ ᠠᠬᠤᠶᠢᠯᠠᠯ ᠳᠤ ᠲᠤᠬᠠᠢ ᠶᠢᠨ ᠭᠠᠵᠠᠷ ᠤᠨ ᠬᠠᠤᠯᠢ ᠴᠠᠭᠠᠵᠠ ᠳᠦᠷᠢᠮ ᠲᠣᠭᠲᠠᠭᠠᠯ ᠢ ᠵᠢᠷᠤᠮᠯᠠᠨ ᠰᠠᠬᠢᠵᠤ᠂ | ᠲᠤᠬᠠᠢ ᠶᠢᠨ ᠭᠠᠵᠠᠷ ᠤᠨ ᠰᠣᠶᠣᠯ ᠪᠠ ᠵᠠᠩ ᠳᠠᠳᠬᠠᠯ ᠢ ᠭᠦᠨᠳᠦᠳᠭᠡᠵᠦ᠂ ᠦᠨᠡᠨᠴᠢ ᠢᠲᠡᠭᠡᠮᠵᠢᠲᠡᠢ ᠡᠵᠡᠩᠨᠡᠵᠦ᠂ | ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ ᠭᠡᠵᠦ ᠢᠮᠠᠭᠲᠠ ᠴᠢᠬᠤᠯᠠᠴᠢᠯᠠᠭᠰᠠᠭᠠᠷ ᠢᠷᠡᠭᠰᠡᠨ | ᠶᠤᠮ᠃ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠴᠤ ᠡᠶᠢᠮᠦ ᠪᠠᠶᠢᠬᠤ ᠶᠣᠰᠣᠲᠠᠢ᠃ | | ᠳᠥᠷᠪᠡ᠂ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ ᠬᠠᠮᠲᠤ ᠪᠠᠷ ᠴᠢᠷᠮᠠᠶᠢᠶ᠎ᠠ | ᠤᠯᠠᠨ ᠲᠠᠯᠠᠲᠤ ᠦᠵᠡᠯ ᠪᠣᠯ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ ᠬᠦᠴᠢᠷᠳᠡᠯ ᠥᠷᠢᠰᠦᠯᠳᠦᠭᠡᠨ ᠢ ᠰᠢᠢᠳᠪᠦᠷᠢᠯᠡᠬᠦ | ᠵᠠᠶᠢᠯᠠᠰᠢ ᠦᠭᠡᠢ ᠰᠣᠩᠭᠤᠯᠲᠠ ᠮᠥᠨ᠂ ᠠᠵᠤ ᠠᠬᠤᠢ ᠶᠢᠨ ᠳᠡᠯᠡᠬᠡᠶᠢᠵᠢᠯᠲᠡ ᠪᠣᠯ ᠬᠤᠷᠢᠭᠯᠠᠭᠳᠠᠰᠢ ᠦᠭᠡᠢ ᠲᠡᠦᠬᠡ ᠶᠢᠨ | ᠤᠷᠤᠰᠬᠠᠯ ᠮᠥᠨ᠃ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠠᠵᠤ ᠠᠬᠤᠢ ᠶᠢᠨ | ᠵᠠᠰᠠᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠪᠠᠷ | ᠴᠢᠷᠮᠠᠶᠢᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠳᠡᠯᠡᠬᠡᠢ ᠶᠢᠨ ᠠᠵᠤ | ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠬᠤ ᠪᠥᠭᠡᠳ ᠪᠠᠰᠠ ᠴᠢᠬᠤᠯᠠ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠪᠢᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠠᠵᠤ ᠠᠬᠤᠢ ᠶᠢᠨ | ᠳᠡᠯᠡᠬᠡᠶᠢᠵᠢᠯᠲᠡ ᠶᠢᠨ ᠵᠥᠪ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ ᠪᠢᠳᠠ ᠬᠠᠮᠲᠤ ᠪᠠᠷ ᠣᠯᠠᠨ ᠲᠠᠯᠠᠲᠤ ᠠᠷᠠᠯᠵᠢᠶᠠᠨ ᠤ | ᠪᠠᠶᠢᠭᠤᠯᠤᠯ ᠢ ᠬᠠᠮᠠᠭᠠᠯᠠᠶ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠪᠣᠯ ᠤᠯᠠᠨ ᠤᠯᠤᠰ ᠤᠨ ᠠᠷᠠᠯᠵᠢᠶᠠᠨ ᠤ ᠰᠠᠭᠤᠷᠢ ᠮᠥᠨ᠃ ᠣᠳᠣᠬᠠᠨ ᠳᠤ᠂ | ᠳᠡᠯᠡᠬᠡᠢ ᠶᠢᠨ ᠨᠡᠭᠡᠭᠡᠯᠲᠡ ᠶᠢᠨ ᠵᠢᠭᠠᠯᠲᠠ ᠲᠤᠭ᠎ᠠ ᠳᠠᠰᠤᠷᠠᠯᠳᠠ ᠦᠭᠡᠢ ᠪᠠᠭᠤᠷᠠᠵᠤ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠰᠢᠷᠦᠭᠦᠰᠴᠦ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠬᠦᠨᠳᠦ ᠨᠣᠴᠢᠲᠠᠢ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠣᠶᠢᠯᠠᠭᠠᠭᠳᠠᠬᠤᠨ ᠪᠣᠯᠣᠨ ᠳᠦᠷᠢᠮ ᠢ ᠪᠠᠲᠤ ᠰᠠᠬᠢᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ | ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠯ᠎ᠡ ᠤᠯᠤᠰ ᠤᠨ ᠨᠡᠭᠡᠭᠡᠯᠲᠡ ᠬᠢᠬᠦ ᠪᠠᠷ ᠳᠠᠮᠵᠢᠨ ᠬᠠᠮᠲᠤ ᠪᠠᠷ ᠬᠥᠭᠵᠢᠬᠦ | ︽ᠪᠤᠭᠤᠷᠰᠤᠭ︾ ᠢ ᠪᠤᠵᠠᠭᠠᠶᠢᠷᠠᠭᠤᠯᠬᠤ ᠶᠢ ᠠᠬᠢᠭᠤᠯᠤᠶ᠎ᠠ᠃ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ | ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠨᠢ ᠨᠡᠯᠢᠶᠡᠳ ᠶᠡᠭᠡ ᠤᠯᠠᠨ ᠤᠯᠤᠰ ᠤᠨ ᠨᠥᠯᠥᠭᠡᠯᠡᠬᠦ ᠬᠦᠴᠦᠨ ᠲᠠᠢ ᠶᠤᠮ᠂ | ᠤᠯᠠᠨ ᠢᠶᠠᠷ ᠢᠶᠠᠨ ᠣᠶᠤᠨᠴᠢ ᠲᠠᠭᠤᠨ ᠭᠠᠷᠭᠠᠵᠤ᠂ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠠᠪᠴᠤ᠂ ᠡᠯ᠎ᠡ ᠵᠦᠢᠯ ᠤᠨ | ᠲᠡᠦᠬᠡ ᠶᠢᠨ ᠬᠦᠷᠳᠦ ᠶᠢ ᠤᠬᠤᠷᠢᠭᠤᠯᠬᠤ ᠠᠵᠢᠯᠯᠠᠭ᠎ᠠ ᠶᠢ ᠬᠤᠷᠢᠭᠯᠠᠵᠤ᠂ ᠡᠪᠰᠡᠯ ᠦᠭᠡᠢ ᠦᠵᠡᠯᠴᠡᠭᠡᠨ ᠠᠴᠠ ᠮᠤᠯᠲᠤᠷᠠᠵᠤ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠪᠢᠳᠡ ᠪᠦᠭᠦ ᠪᠥᠮᠪᠥᠷᠴᠡᠭ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ ᠡᠨᠡ ᠪᠣᠯ | ᠳᠡᠯᠡᠬᠡᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ︽ᠬᠠᠷᠢᠴᠠᠭ᠎ᠠ | ᠬᠤᠯᠪᠤᠭ᠎ᠠ ᠪᠠᠨ ᠲᠠᠰᠤᠯᠬᠤ︾ ᠨᠢ ᠪᠤᠰᠤᠳ ᠢ ᠬᠤᠬᠢᠷᠠᠭᠤᠯᠵᠤ ᠪᠡᠶ᠎ᠡ ᠳᠡᠭᠡᠨ ᠴᠤ ᠠᠰᠢᠭ ᠦᠭᠡᠢ ᠪᠠᠶᠢᠵᠤ᠂ ᠭᠠᠷᠬᠤ ᠵᠠᠮ | ᠦᠭᠡᠢ ᠶᠤᠮ᠃ ᠵᠠᠷᠢᠮ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠪᠦᠭᠦ ᠪᠥᠮᠪᠥᠷᠴᠡᠭ ᠤᠨ ᠬᠤᠯᠪᠣᠭᠳᠠᠯ ᠪᠦᠬᠦᠢ ᠠᠵᠤ | ᠦᠢᠯᠡᠰ ᠤᠨ ︽ᠬᠡᠯᠬᠢᠶ᠎ᠡ ᠶᠢᠨ ᠡᠵᠡᠨ︾ ᠮᠥᠨ᠂ ᠶᠡᠭᠡ ᠬᠡᠮᠵᠢᠶᠡᠨ ᠤ ᠳᠡᠭᠡᠳᠦ ᠳᠣᠣᠷᠠᠳᠤ ᠬᠡᠯᠬᠢᠶ᠎ᠡ ᠶᠢᠨ ᠠᠵᠤ | ᠠᠬᠤᠶᠢᠯᠠᠯ ᠲᠠᠢ ᠴᠤᠭ ᠬᠠᠮᠲᠤ ᠪᠠᠷ ᠣᠷᠣᠰᠢᠵᠤ ᠬᠠᠮᠲᠤ ᠪᠠᠷ ᠠᠰᠢᠭ ᠭᠦᠷᠳᠡᠭᠦ ᠠᠵᠤ ᠦᠢᠯᠡᠰ ᠤᠨ ᠠᠮᠢ ᠠᠬᠤᠢ ᠶᠢ | ᠪᠦᠷᠢᠯᠳᠦᠭᠦᠯᠵᠦ᠂ ᠭᠡᠷ᠎ᠡ ᠶᠢᠨ ᠵᠣᠷᠢᠭ ᠰᠠᠨᠠᠭ᠎ᠠ ᠶᠢ ᠪᠠᠲᠤ ᠰᠠᠬᠢᠵᠤ᠂ ᠡᠷᠭᠢᠯᠡᠭᠴᠢ ᠤᠯᠤᠰ ᠲᠤ ᠦᠨᠳᠦᠰᠦᠯᠡᠬᠦ ᠨᠢ ᠲᠤᠰ | ᠪᠡᠶ᠎ᠡ ᠶᠢᠨ ᠠᠯᠤᠰ ᠭᠡᠳᠤ ᠶᠢᠨ ᠬᠥᠭᠵᠢᠯᠲᠡ ᠳᠤ ᠠᠰᠢᠭᠲᠠᠢ ᠪᠥᠭᠡᠳ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠳᠤ ᠠᠰᠢᠭᠲᠠᠢ ᠶᠤᠮ᠃ ᠲᠠ ᠤᠯᠠᠨ ᠳᠤ ᠥᠨᠳᠥᠷ ᠲᠤ | ᠵᠣᠭᠰᠣᠨ ᠠᠯᠤᠰ ᠢ ᠪᠠᠷᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠷᠰᠢᠯᠠᠬᠤ ᠡᠯ᠎ᠡ ᠵᠦᠢᠯ ᠤᠨ ᠦᠢᠯᠡ ᠠᠵᠢᠯᠯᠠᠭ᠎ᠠ ᠶᠢ ᠰᠣᠬᠤᠷ ᠪᠠᠯᠠᠢ ᠪᠠᠷ | ᠳᠠᠭᠠᠬᠤ ᠦᠭᠡᠢ ᠪᠠᠶᠢᠵᠤ᠂ ᠪᠦᠭᠦ ᠪᠥᠮᠪᠥᠷᠴᠡᠭ ᠤᠨ ᠬᠥᠭᠵᠢᠯᠲᠡ ᠳᠤ ᠢᠳᠡᠪᠬᠢ ᠬᠦᠴᠦᠨ ᠪᠠ ᠲᠣᠬᠲᠠᠭᠠᠯᠲᠤ ᠴᠢᠨᠠᠷ ᠢ | ᠢᠯᠡᠭᠦᠬᠡᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠪᠢᠳᠡ ᠬᠠᠮᠲᠤ ᠪᠠᠷ ᠨᠡᠭᠡᠭᠡᠯᠲᠡ ᠲᠠᠢ ᠬᠠᠮᠲᠤᠷᠠᠯᠴᠠᠬᠤ ᠤᠯᠠᠨ ᠤᠯᠤᠰ ᠤᠨ | ᠠᠮᠢ ᠠᠬᠤᠢ ᠶᠢ ᠬᠠᠮᠠᠭᠠᠯᠠᠶ᠎ᠠ᠃ ᠣᠨᠴᠠ ᠵᠠᠷᠢᠮ ᠤᠯᠤᠰ ︽ᠪᠠᠭ᠎ᠠ ᠬᠦᠷᠢᠶ᠎ᠡ ᠥᠨᠳᠥᠷ ᠬᠡᠷᠡᠮ︾᠂ ᠪᠣᠭᠤᠮᠲᠠ ᠶᠢᠨ | ᠭᠠᠶᠢᠯᠢ ᠶᠢᠨ ᠪᠠᠬᠢᠯᠡᠯᠲᠡ ᠪᠠᠶᠢᠭᠤᠯᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠵᠦ᠂ ᠪᠠᠭᠠᠵᠢ | ᠬᠡᠷᠡᠭᠯᠡᠭᠦᠷ ᠪᠤᠯᠭᠠᠵᠤ᠂ ᠵᠡᠪᠰᠡᠭᠯᠡᠵᠦ᠂ ᠨᠠᠷᠮᠠᠢ ᠠᠮᠤᠷ ᠲᠦᠪᠰᠢᠨ ᠪᠤᠯᠭᠠᠵᠤ᠂ ᠠᠵᠤ ᠠᠬᠤᠶᠢᠯᠠᠯ ᠡᠷᠬᠡᠪᠰᠢ ᠨᠢᠭᠡ ᠲᠠᠯ᠎ᠠ ᠶᠢ | ᠰᠣᠩᠭᠤᠬᠤ ᠶᠢ ᠠᠯᠪᠠᠳᠠᠵᠤ᠂ ᠠᠵᠤ ᠠᠬᠤᠢ ᠶᠢᠨ ᠵᠢᠮ᠎ᠡ ᠶᠣᠰᠣ ᠠᠴᠠ ᠵᠥᠷᠢᠴᠡᠭᠰᠡᠨ ᠰᠣᠩᠭᠤᠯᠲᠠ ᠭᠢᠯᠭᠡᠵᠦ ᠪᠠᠶᠢᠨ᠎ᠠ᠃ | ᠡᠨᠡ ᠨᠢ ᠵᠠᠬ᠎ᠠ ᠳᠡᠯᠭᠡᠭᠦᠷ ᠤᠨ ᠳᠦᠷᠢᠮ ᠪᠠ ᠨᠡᠭᠡᠭᠡᠯᠲᠡ ᠶᠢᠨ ᠶᠡᠭᠡ ᠬᠠᠨᠳᠤᠰᠢ ᠲᠠᠢ ᠨᠡᠶᠢᠴᠡᠬᠦ ᠦᠭᠡᠢ᠃ ᠠᠵᠤ ᠠᠬᠤᠶᠢᠯᠠᠯ | ᠪᠣᠯ ᠡᠵᠡᠩᠨᠡᠯᠲᠡ ᠶᠢᠨ ᠭᠤᠣᠯ ᠴᠣᠭᠴᠠ ᠮᠥᠨ᠂ ᠤᠯᠠᠨ ᠢᠶᠠᠷ ᠢᠶᠠᠨ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠨᠳᠦᠳᠭᠡᠵᠦ᠂ | ᠵᠠᠬ᠎ᠠ ᠳᠡᠯᠭᠡᠭᠦᠷ ᠤᠨ ᠳᠦᠷᠢᠮ ᠢ ᠬᠠᠮᠠᠭᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠨ ᠬᠤᠳᠠᠯᠳᠤᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠵᠤ᠂ ᠨᠡᠭᠡᠭᠡᠯᠲᠡᠲᠡᠢ᠂ ᠤᠯᠠᠨ ᠡᠰᠢᠵᠢᠭᠰᠡᠨ᠂ ᠲᠣᠭᠲᠠᠭᠤᠨ ᠳᠡᠯᠡᠬᠡᠢ ᠶᠢᠨ ᠠᠵᠤ ᠠᠬᠤᠢ ᠶᠢᠨ ᠡᠮᠬᠢ | ᠳᠢᠭᠯᠢᠮ ᠢ ᠪᠦᠷᠢᠯᠳᠦᠭᠦᠯᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ | ︽ᠵᠣᠷᠢᠭ ᠨᠢᠭᠡᠲᠡᠨ ᠵᠠᠮ ᠢ ᠬᠤᠯᠠ ᠭᠡᠵᠦ ᠴᠥᠬᠦᠷᠡᠳᠡᠭ ᠦᠭᠡᠢ︾᠃ ᠤᠯᠠᠨ ᠢᠶᠠᠷ ᠢᠶᠠᠨ ᠲᠦᠮᠡᠨ ᠭᠠᠵᠠᠷ ᠤᠨ | ᠬᠤᠯᠠ ᠠᠴᠠ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠳᠠᠭᠠᠨ ᠪᠦᠷ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠡᠪᠦᠷᠯᠡᠨ ᠢᠷᠡᠵᠤ᠂ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠨᠥᠬᠦᠷᠯᠡᠯ ᠢ ᠪᠤᠳᠤᠵᠤ ᠢᠷᠡᠭᠰᠡᠨ ᠶᠤᠮ᠃ | ᠥᠨᠥᠳᠥᠷ ᠤᠨ ᠶᠠᠷᠢᠯᠴᠠᠭ᠎ᠠ ᠨᠢ ᠪᠢᠳᠡᠨ ᠤ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠵᠦ᠂ ᠨᠥᠬᠦᠷᠯᠡᠯ ᠢ ᠪᠠᠲᠤᠳᠬᠠᠵᠤ᠂ | ᠢᠲᠡᠭᠡᠯ ᠢ ᠨᠡᠮᠡᠭᠳᠡᠭᠦᠯᠪᠡ᠃ ᠪᠢᠳᠡ ᠳᠤᠷᠠᠲᠠᠶ᠎ᠠ ᠥᠷᠭᠡᠨ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠲᠠᠢ ᠬᠠᠮᠲᠤ ᠪᠠᠷ | ᠂ ᠳᠤᠮᠳᠠᠳᠤ ᠤᠯᠤᠰ ᠤᠨ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠬᠡ ᠭᠠᠵᠠᠷ ᠲᠤ ᠬᠠᠮᠲᠤᠷᠠᠯᠴᠠᠭ᠎ᠠ ᠪᠠᠨ | ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ |