ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠤᠷᠠᠯ ᠢ ᠡᠷᠬᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2025/4/15
      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ     ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃    ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃    ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ᠃     ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ᠃    4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ᠂ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠬᠥᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ᠃ ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ ᠭᠡᠵᠦ ᠴᠢᠩᠭᠠᠳᠬᠠᠪᠠ᠃ ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2