ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠭᠢᠯᠭᠠᠨ ᠮᠡᠳᠡᠭᠡ 4 ᠰᠠᠷ᠎ᠠ ᠶᠢᠨ 11 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ | ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ | ᠰᠠᠩᠴᠢᠶᠧᠰ ᠲᠠᠢ ᠠᠭᠤᠯᠵᠠᠪᠠ᠃ 4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ | ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ︶ ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ | ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ | ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠳᠡᠯᠡᠬᠡᠢ ᠶᠢᠨ | ᠪᠠᠶᠢᠳᠠᠯ ᠰᠠᠮᠠᠭᠤᠷᠠᠨ ᠰᠣᠯᠪᠢᠴᠠᠬᠤ ᠲᠤᠰᠤᠮ᠂ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ | ᠲᠣᠭᠲᠠᠭᠤᠨ ᠢᠶᠠᠷ ᠬᠥᠭᠵᠢᠬᠦ ᠶᠢᠨ ᠴᠢᠬᠤᠯᠠ ᠴᠢᠨᠠᠷ ᠲᠡᠳᠦᠢ ᠲᠣᠪᠤᠶᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ | ᠪᠣᠯᠣᠨ ᠢᠰᠫᠠᠨᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ | ᠤᠢ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠲᠠᠢ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠢ ᠶᠢᠨ | ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ ᠠᠯᠢᠪᠠ ᠶᠢ ᠠᠵᠢᠭᠯᠠᠬᠤ ᠳᠤ ᠥᠷᠭᠡᠨ ᠬᠠᠷᠠᠭᠠᠰᠤ ᠠᠭᠤᠳᠠᠮ ᠪᠠᠭᠲᠠᠭᠠᠮᠵᠢ ᠬᠡᠷᠡᠭᠲᠡᠢ᠃ | ᠳᠤᠮᠳᠠᠳᠤ ᠢᠰᠫᠠᠨᠢ ᠶᠢᠨ ᠨᠥᠬᠦᠷᠯᠡᠯ ᠪᠣᠯ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ᠂ ᠪᠣᠳᠠᠲᠤ | ᠠᠬᠤᠢ ᠶᠢᠨ ᠬᠡᠷᠡᠭᠴᠡᠭᠡ᠂ ᠠᠯᠤᠰ ᠭᠡᠳᠦ ᠶᠢᠨ ᠠᠰᠢᠭ ᠲᠤᠰᠠ ᠳᠤ ᠰᠠᠭᠤᠷᠢᠯᠠᠵᠤ ᠲᠣᠭᠲᠠᠭᠠᠭᠰᠠᠨ ᠵᠥᠪ ᠰᠣᠩᠭᠤᠯᠲᠠ ᠮᠥᠨ | ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ | ᠬᠠᠷᠢᠯᠴᠠᠨ ᠢᠲᠡᠭᠡᠵᠦ᠂ ᠬᠠᠷᠢᠯᠴᠠᠨ ᠭᠦᠨᠳᠦᠳᠭᠡᠵᠦ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ᠂ ᠢᠯᠠᠩᠭᠤᠶ᠎ᠠ ᠨᠦᠭᠦᠭᠡ | ᠡᠲᠡᠭᠡᠳ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ | ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ | ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠲᠠᠯᠳᠠ ᠬᠦᠴᠦᠨ ᠨᠢ ᠳᠡᠯᠡᠬᠡᠢ ᠶᠢᠨ ᠠᠵᠤ ᠠᠬᠤᠢ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠠᠷᠢᠯᠴᠠᠨ | ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭᠠᠨ ᠤ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠠᠬᠤᠢ | ᠠᠷᠠᠯᠵᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠰᠢᠨ᠎ᠡ ᠡᠨᠧᠷᠭᠢ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠣᠶᠤᠨᠲᠤ ᠬᠤᠳᠠ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ | ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ᠃ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ | ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ︽ᠣᠯᠢᠮᠫᠢᠺ ᠤᠨ | ᠲᠠᠮᠢᠷ ᠤᠨ ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ︾᠂ ︽ᠮᠠᠯᠤᠷ ᠦᠳᠡᠭᠡ ᠶᠢᠨ ᠬᠠᠶᠢᠷ᠎ᠠ ᠰᠡᠳᠬᠢᠯᠭᠡ︾ ᠶᠢ | ᠰᠠᠶᠢᠲᠤᠷ ᠤᠯᠠᠮᠵᠢᠯᠠᠵᠤ᠂ ︽ᠪᠠᠶᠠᠰᠬᠤᠯᠠᠩᠲᠤ ᠴᠠᠭᠠᠨ ᠰᠠᠷ᠎ᠠ︾ ᠵᠡᠷᠭᠡ ᠰᠢᠨ᠎ᠡ ︽ᠠᠯᠳᠠᠨ ᠱᠣᠰᠢᠭ᠎ᠠ︾ ᠶᠢ ᠡᠭᠦᠳᠴᠦ᠂ | ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ ᠲᠣᠮᠢᠯᠠᠬᠤ ᠬᠡᠪᠴᠢᠶ᠎ᠡ ᠪᠠᠨ ᠥᠷᠭᠡᠳᠬᠡᠵᠦ᠂ ᠨᠡᠩ ᠤᠯᠠᠨ | ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ᠃ ᠳᠤᠮᠳᠠᠳᠤ ᠢᠰᠫᠠᠨᠢ ᠪᠣᠯ ᠴᠥᠮ | ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ ᠢᠳᠡᠪᠬᠢ ᠬᠦᠴᠦᠨ ᠮᠥᠨ᠂ ᠬᠤᠶᠠᠷ | ᠲᠠᠯ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ | ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠵᠤ᠂ ᠬᠠᠮᠲᠤ ᠶᠢᠨ ᠬᠥᠭᠵᠢᠯ | ᠴᠡᠴᠡᠭᠯᠡᠯ ᠢ ᠠᠬᠢᠭᠤᠯᠤᠶ᠎ᠠ ᠭᠡᠵᠦ ᠴᠢᠬᠤᠯᠠᠴᠢᠯᠠᠪᠠ᠃ ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢ ᠤᠯᠠᠨ ᠲᠦᠢᠯᠵᠢᠯᠲᠡ ᠶᠢᠨ ᠳᠡᠯᠡᠬᠡᠢ ᠶᠢᠨ ᠴᠢᠬᠤᠯᠠ ᠨᠢᠭᠡ ᠲᠦᠢᠯ ᠢᠶᠠᠷ ᠦᠵᠡᠵᠦ᠂ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ ᠲᠣᠳᠣᠷᠬᠠᠢ ᠪᠠᠷ | ᠳᠡᠮᠵᠢᠬᠦ ᠭᠤᠣᠯ ᠪᠤᠯᠬᠤ ᠲᠣᠮᠣ ᠤᠯᠤᠰ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠡᠸᠦ᠋ᠷᠦᠫᠡ ᠶᠢᠨ ᠡᠩᠬᠡ | ᠲᠠᠶᠢᠪᠤᠩ᠂ ᠨᠡᠮᠡᠭᠳᠡᠯ᠂ ᠥᠭᠡᠷᠡᠴᠢᠯᠡᠯᠲᠡ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ | ᠪᠠᠶᠢᠭᠤᠯᠬᠤ ᠨᠢ ᠴᠢᠬᠤᠯᠠ ᠠᠬᠤᠶᠢᠴᠢ ᠠᠴᠢ ᠬᠤᠯᠪᠣᠭᠳᠠᠯ ᠲᠠᠢ ᠶᠤᠮ᠃ ᠳᠤᠮᠳᠠᠳᠤ ᠡᠸᠦ᠋ᠷᠦᠫᠡ ᠬᠠᠨᠢᠲᠠᠨ ᠤ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ | ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠢ ᠪᠡᠯᠭᠡᠯᠡᠵᠦ᠂ | ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ᠂ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ ᠣᠯᠬᠤ ᠶᠢ ᠳᠡᠮᠵᠢᠬᠦ ᠴᠢᠭᠯᠡᠯ ᠲᠡᠶᠢᠰᠢ ᠬᠥᠭᠵᠢᠬᠦ ᠶᠢ | ᠠᠬᠢᠭᠤᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠳᠤ ᠨᠡᠩ ᠰᠠᠶᠢᠲᠤᠷ ᠪᠤᠶᠠᠨ | ᠦᠢᠯᠡᠳᠦᠨ᠎ᠡ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ | ᠢᠯᠠᠭᠴᠢ ᠪᠠᠶᠢᠳᠠᠭ ᠦᠭᠡᠢ᠂ ᠳᠡᠯᠡᠬᠡᠢ ᠳ᠋ᠠᠬᠢᠨ ᠲᠠᠢ ᠡᠰᠡᠷᠭᠦᠴᠡᠯᠳᠦᠪᠡᠯ ᠥᠪᠡᠷ ᠢ ᠪᠠᠨ ᠭᠠᠭᠴᠠᠭᠠᠷᠳᠠᠭᠤᠯᠬᠤ ᠪᠣᠯᠣᠨ᠎ᠠ᠃ | 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ ᠬᠦᠴᠦ ᠪᠠᠷ ᠢᠶᠠᠨ ᠳᠡᠭᠵᠢᠷᠡᠬᠦ᠂ | ᠲᠡᠰᠪᠦᠷᠢ ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ᠂ ᠶᠡᠷᠦ ᠠᠴᠠ ᠬᠡᠨ ᠨᠢᠭᠡᠨ ᠤ ᠬᠢᠨᠢ ᠥᠷᠥᠰᠢᠶᠡᠯ ᠰᠣᠶᠣᠷᠬᠠᠯ ᠳᠤ | ᠲᠦᠰᠢᠭᠯᠡᠭᠰᠡᠨ ᠪᠢᠰᠢ᠂ ᠨᠡᠩ ᠴᠤ ᠶᠠᠮᠠᠷᠪᠠ ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ᠃ | ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ | ᠬᠦᠴᠦᠨ ᠢᠶᠠᠨ ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠨ᠎ᠡ᠃ | ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠴᠥᠮ ᠳᠡᠯᠡᠬᠡᠢ ᠶᠢᠨ ᠭᠤᠣᠯ ᠪᠤᠯᠬᠤ | ᠠᠵᠤ ᠠᠬᠤᠢ ᠶᠢᠨ ᠴᠣᠭᠴᠠ ᠮᠥᠨ᠂ ᠴᠥᠮ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠴᠢᠯᠦᠭᠡᠲᠦ ᠠᠷᠠᠯᠵᠢᠶᠠᠨ ᠤ ᠡᠷᠡᠰ | ᠳᠡᠮᠵᠢᠭᠴᠢ ᠮᠥᠨ᠂ ᠬᠤᠶᠠᠷ ᠲᠠᠯ᠎ᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠠᠵᠤ ᠠᠬᠤᠢ ᠶᠢᠨ ᠶᠡᠷᠦᠩᠬᠡᠢ | ᠬᠡᠮᠵᠢᠶᠡᠨ ᠤ ᠭᠤᠷᠪᠠᠨ ᠤ ᠨᠢᠭᠡ ᠶᠢ ᠳᠠᠪᠠᠵᠤ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ | ᠪᠦᠷᠢᠯᠳᠦᠭᠦᠯᠪᠡ᠃ ᠳᠤᠮᠳᠠᠳᠤ ᠡᠸᠦ᠋ᠷᠦᠫᠡ ᠤᠯᠠᠨ ᠤᠯᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠶᠢᠨ | ᠳᠡᠯᠡᠬᠡᠶᠢᠵᠢᠯᠲᠡ ᠶᠢᠨ ᠤᠷᠤᠰᠬᠠᠯ ᠪᠣᠯᠣᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ ᠬᠠᠮᠲᠤ ᠪᠠᠷ ᠬᠠᠮᠠᠭᠠᠯᠠᠵᠤ᠂ | ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠥᠪᠡᠷ ᠤᠨ ᠵᠦᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠤᠯᠠᠨ ᠤᠯᠤᠰ ᠤᠨ ᠳᠦᠷᠢᠮ ᠪᠣᠯᠣᠨ ᠡᠮᠬᠢ ᠳᠢᠭᠯᠢᠮ ᠢ ᠬᠠᠮᠠᠭᠠᠯᠠᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠠᠩᠴᠢᠶᠧᠰ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠢᠮᠠᠭᠲᠠ ᠬᠠᠷᠢᠯᠴᠠᠨ ᠭᠦᠨᠳᠦᠳᠭᠡᠵᠦ᠂ ᠨᠥᠭᠦᠷᠰᠡᠭ ᠢᠶᠠᠷ | ᠬᠠᠮᠲᠤᠷᠠᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠨ ᠬᠥᠭᠵᠢᠪᠡ᠃ ᠲᠡᠷᠢᠭᠦᠯᠡᠭᠴᠢ | ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠭᠠᠷᠮᠠᠭᠠᠢ ᠠᠮᠵᠢᠯᠲᠠ | ᠣᠯᠵᠤ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠢᠰᠫᠠᠨᠢ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ | ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ | ᠡᠭᠦᠳᠦᠯᠲᠡ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ | ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ | ᠤᠯᠤᠰ ᠪᠣᠯ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ | ᠢᠰᠫᠠᠨᠢ ᠢᠮᠠᠭᠲᠠ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠳᠡᠮᠵᠢᠨ᠎ᠠ᠃ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠨᠡᠭᠡᠭᠡᠯᠲᠡᠲᠤ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠤᠯᠠᠨ ᠲᠠᠯᠠᠲᠤ | ᠦᠵᠡᠯ ᠢ ᠬᠠᠮᠠᠭᠠᠯᠠᠬᠤ ᠪᠠᠷ ᠴᠢᠷᠮᠠᠶᠢᠵᠤ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠶᠢ | ᠡᠰᠡᠷᠭᠦᠴᠡᠨ᠎ᠡ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ | ᠨᠣᠴᠢᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠢᠰᠫᠠᠨᠢ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ | ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤ ᠬᠦᠴᠢᠷᠳᠡᠯ ᠵᠡᠷᠭᠡ | ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ | ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ ᠸᠠᠩ ᠢ ᠠᠭᠤᠯᠵᠠᠯᠲᠠ ᠳᠤ ᠣᠷᠣᠯᠴᠠᠵᠠᠢ᠃ |