4 ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ | ᠾᠧ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠡᠭᠡᠵᠢᠩ ᠤᠨ ᠴᠤᠤᠶᠠᠩ ᠳᠤᠮᠳᠠᠳᠤ | ᠰᠤᠷᠭᠠᠭᠤᠯᠢ᠂ ᠵᠦᠸᠧᠽᠢ ᠱᠠᠨ ᠪᠠᠯᠭᠠᠰᠤ᠂ ᠵᠢᠷᠭᠤᠳᠤᠭᠠᠷ ᠰᠤᠮᠤ ᠲᠣᠰᠬᠤᠨ ᠵᠡᠷᠭᠡ ᠭᠠᠵᠠᠷ ᠲᠤ ᠭᠦᠨᠵᠡᠭᠡᠶᠢᠷᠡᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ | ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠸᠠᠩ ᠬᠠᠢ ᠵᠢᠶᠦ᠋ᠨ᠂ ᠭᠤᠤ ᠰᠢᠤᠸᠠᠢ ᠹᠧᠩ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠳᠤᠮᠳᠠᠳᠤ ᠰᠤᠷᠭᠠᠭᠤᠯᠢ ᠳᠤ᠂ ᠸᠠᠩ ᠳ᠋ᠠ ᠾᠧ | ᠰᠤᠷᠭᠠᠭᠤᠯᠢ ᠶᠢᠨ ᠬᠤᠭᠤᠯᠠᠨ ᠭᠡᠷ ᠲᠤ ᠣᠷᠣᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ | ᠡᠳ᠋ᠰᠢᠭᠦᠯᠬᠦ ᠠᠵᠢᠯᠯᠠᠭ᠎ᠠ ᠪᠣᠯᠤᠨ ᠰᠤᠷᠤᠭᠴᠢᠳ ᠤᠨ ᠬᠤᠭᠤᠯᠠ ᠲᠣᠬᠢᠷᠠᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ | ᠦᠵᠡᠬᠦ ᠶᠢᠨ ᠬᠠᠮᠲᠤ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢ ᠲᠤᠰᠬᠠᠢ ᠴᠡᠭᠴᠡᠯᠡᠨ ᠵᠠᠰᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠰᠤᠷᠭᠠᠭᠤᠯᠢ ᠨᠤᠭᠤᠳ ︽ | ᠢᠳᠡᠬᠦ︾ ᠶᠠᠪᠤᠳᠠᠯ ᠢ ᠪᠣᠳᠠᠲᠠᠶ ᠬᠢᠵᠦ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠬᠠᠮᠢᠶᠠᠷᠤᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠤᠭᠤᠯᠠᠨ ᠬᠡᠷ ᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠤᠷᠤᠭᠴᠢᠳ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠰᠢᠮ᠎ᠡ ᠲᠡᠵᠢᠭᠡᠯ ᠢ ᠲᠣᠬᠢᠷᠠᠭᠤᠯᠤᠨ ᠬᠤᠭᠤᠯᠠ ᠢᠳᠡᠵᠦ᠂ ︽ | ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ︾ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ | ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠰᠠᠨᠠᠭ᠎ᠠ | ᠠᠮᠤᠷ ᠢᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠦᠸᠧᠽᠢ | ᠱᠠᠨ ᠪᠠᠯᠭᠠᠰᠤ᠂ ᠵᠢᠷᠭᠤᠳᠤᠭᠠᠷ ᠰᠤᠮᠤ ᠲᠣᠰᠬᠤᠨ ᠵᠡᠷᠭᠡ ᠭᠠᠵᠠᠷ ᠲᠤ ᠸᠠᠩ ᠳ᠋ᠠ ᠾᠧ ᠡᠯ᠎ᠡ ᠰᠠᠯᠠᠭ᠎ᠠ ᠮᠥᠴᠢᠷ ᠤᠨ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠡᠯᠡ ᠮᠥᠩᠭᠦ ᠶᠢᠨ | ᠬᠡᠷᠡᠭᠯᠡᠯᠲᠡ ᠶᠢ ᠬᠢᠨᠠᠨ ᠬᠠᠮᠢᠶᠠᠷᠬᠤ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ | ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠪᠣᠯᠣᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠸᠠᠩ ᠳ᠋ᠠ ᠾᠧ ᠠᠴᠠ᠂ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠤᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠠᠮᠤᠷ ᠲᠦᠪᠰᠢᠨ ᠥᠨᠳᠥᠷ ᠪᠦᠲᠦᠮᠵᠢᠲᠡᠢ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠯᠠᠨ | ᠲᠦᠮᠡᠨ ᠤ ︽ᠡᠪᠡᠳᠴᠢᠨ ᠦᠵᠡᠭᠦᠯᠬᠦ ᠵᠣᠭᠤᠰ︾᠂ ︽ᠠᠮᠢ ᠠᠪᠤᠷᠠᠬᠤ ᠮᠥᠩᠭᠦ︾ ᠶᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ᠃ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ᠨᠠᠰᠤᠲᠠᠶᠢᠴᠤᠳ ᠢ ᠦᠨᠡᠨᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ | ᠳᠤᠮᠳᠠ ᠪᠣᠳᠠᠲᠤ ᠠᠰᠢᠭ ᠬᠦᠷᠲᠡᠭᠡᠵᠦ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ | ᠠᠰᠠᠷᠠᠮᠵᠢ ᠲᠠᠢ ᠪᠠᠶᠢᠬᠤ ᠶᠢ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠪᠡᠯᠡ | ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠪᠠ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ | ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ | ᠲᠦᠷᠢᠮ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠴᠢᠳᠠᠪᠤᠷᠢ | ᠣᠯᠭᠤᠬᠤ ᠶᠢ ᠠᠬᠢᠭᠤᠯᠵᠤ᠂ ᠪᠡᠯᠡ ᠮᠥᠩᠭᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠪᠣᠯᠤᠨ ᠬᠠᠮᠲᠤ ᠶᠢᠨ ᠡᠳ᠋ | ᠬᠦᠷᠦᠩᠭᠡ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠦᠷ᠎ᠡ ᠪᠦᠲᠦᠮᠵᠢ ᠶᠢ | ᠴᠢᠨᠠᠭᠰᠢᠳᠠ ᠳᠡᠭᠡᠭᠰᠢᠯᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠳ᠋ᠠ ᠡᡁᠤ ᠵᠦᠸᠧᠽᠢ ᠰᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢ ᠵᠢᠷᠤᠮᠵᠢᠭᠤᠯᠬᠤ᠂ | ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠸᠠᠩ ᠳ᠋ᠠ ᠾᠧ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ︽ᠭᠤᠷᠪᠠᠨᠵᠢᠯᠳᠡ︾ | ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠠᠤᠯᠢ ᠴᠠᠭᠠᠵᠠ | ᠰᠠᠬᠢᠯᠭ᠎ᠠ ᠪᠠᠲᠤ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ | ᠦᠭᠡᠢ ᠳᠡᠭᠡᠭᠰᠢᠯᠡᠭᠦᠯᠵᠦ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠢᠯᠵᠢᠷᠡᠯ ᠢ ᠡᠰᠡᠷᠭᠦᠴᠡᠵᠦ ᠮᠠᠭᠤ ᠶᠢ | ᠵᠠᠯᠬᠠᠭᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ ᠦᠢᠯᠡᠰ | ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠴᠦᠯᠡᠨ ᠠᠬᠢᠭᠤᠯᠵᠤ᠂ ᠭᠠᠷᠮᠠᠭᠠᠶ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ | ᠪᠠᠲᠤᠯᠠᠭ᠎ᠠ ᠬᠠᠩᠭᠠᠬᠤ ᠬᠡᠷᠡᠭᠲᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |