4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠲᠤᠰᠬᠠᠢ ᠰᠡᠳᠦᠪᠲᠦ ᠨᠣᠮ ᠤᠩᠰᠢᠬᠤ ᠠᠩᠬᠢ ᠶᠢ ᠡᠷᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠬᠤᠩ ᠭᠤᠸᠠᠩ᠂ ᠳᠡᠳ᠋ ᠡᠷᠬᠢᠯᠡᠭᠴᠢ ᠫᠧᠩ ᠹᠦ᠋ | ᠴᠢᠤᠸᠠᠨ᠂ ᠱᠢ ᠰᠦ᠋ ᠹᠧᠨ᠂ ᠼᠤᠤ ᠸᠧᠨ ᠬᠤᠸᠠ ᠵᠡᠷᠭᠡ ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃ | | | ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ | ᠶᠠᠪᠤᠭᠳᠠᠵᠤ᠂ ᠲᠤᠰᠬᠠᠶ ᠮᠡᠷᠭᠡᠵᠢᠯᠲᠡᠨ ᠢᠶᠠᠷ ᠬᠢᠴᠢᠶᠡᠯᠯᠡᠭᠦᠯᠬᠦ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠬᠤᠪᠢ | ᠬᠥᠮᠦᠨ ᠥᠪᠡᠷ ᠢᠶᠠᠨ ᠰᠤᠷᠤᠯᠴᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠰᠢᠶᠠᠨ ᠤ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠪᠠᠭᠰᠢ ᠵᠠᠩ ᠴᠦᠨ ᠯᠢᠩ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ ᠨᠠᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ︾ ᠲᠤᠰᠬᠠᠢ | ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃ | ᠬᠤᠷᠠᠯ ᠠᠴᠠ᠂ ᠲᠤᠰ ᠤᠳᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠲᠡᠷᠡ ᠬᠡᠪ ᠢᠶᠠᠷ ᠨᠢ ᠰᠤᠷᠤᠯᠴᠠᠵᠤ᠂ ᠵᠤᠷᠪᠤᠰ ᠳᠠᠷᠠᠭᠠᠯᠠᠨ ᠰᠤᠷᠤᠯᠴᠠᠵᠤ᠂ | ᠦᠭᠡ ᠥᠭᠦᠯᠡᠪᠦᠷᠢ ᠳᠠᠷᠠᠭᠠᠯᠠᠨ ᠰᠤᠷᠤᠯᠴᠠᠬᠤ ᠶᠢ ᠪᠠᠷᠢᠮᠲᠠᠯᠠᠵᠤ᠂ ᠥᠪᠡᠷ ᠢ ᠪᠠᠨ ᠣᠷᠣᠭᠤᠯᠵᠤ᠂ ᠠᠵᠢᠯ ᠢᠶᠠᠨ | ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |