ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠤᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ | ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠰᠢᠶᠠᠨ ᠤ ᠨᠠᠮ ᠤᠨ | ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ | ᠲᠣᠪᠴᠢᠶ᠎ᠠ ᠲᠠᠢ ᠬᠠᠮᠲᠤᠷᠠᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ | ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠰᠢᠶᠠᠨ ᠤ ᠬᠤᠷᠢᠶ᠎ᠠ ᠵᠡᠷᠭᠡ ᠨᠢᠭᠡᠴᠡ ᠪᠣᠯᠣᠨ ᠰᠠᠯᠠᠭ᠎ᠠ ᠮᠥᠴᠢᠷ | ᠲᠦᠩ ᠯᠧ ᠠᠭᠤᠳᠠᠮ ᠲᠠᠯᠠᠪᠠᠢ ᠳᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠬᠥᠨᠳᠡᠯᠡᠨ | ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ | ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠣᠶᠢᠯᠠᠭᠠᠮᠵᠢᠲᠠᠶ ᠦᠭᠡ ᠬᠡᠯᠡ ᠪᠠᠷ ᠥᠷᠭᠡᠨ ᠣᠯᠠᠨ ᠲᠦᠮᠡᠨ ᠢ | ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ | ᠬᠤᠯᠪᠣᠭᠳᠠᠯ ᠪᠠ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠬᠠᠷᠢᠭᠤᠴᠠᠯᠭ᠎ᠠ ᠪᠠ | ᠡᠭᠦᠷᠭᠡ ᠶᠢ ᠣᠶᠢᠯᠠᠭᠠᠭᠤᠯᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ | ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠶ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠭᠰᠠᠨ ᠢᠶᠠᠷ ᠪᠠᠷᠠᠬᠤ | ᠥᠬᠡᠶ ᠪᠠᠰᠠ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤᠬᠠᠭᠤᠯᠭ᠎ᠠ ᠶᠢᠨ ᠬᠡᠯᠪᠡᠷᠢ ᠪᠣᠯᠣᠨ ᠠᠭᠤᠯᠭ᠎ᠠ ᠶᠢᠨ ᠲᠠᠯ᠎ᠠ ᠪᠠᠷ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ | ᠦᠨᠡᠨᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠠᠶᠢᠩᠭᠤᠵᠢᠯᠲᠠ ᠶᠢ ᠬᠦᠴᠦᠯᠡᠨ | ᠠᠬᠢᠭᠤᠯᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠤᠯᠤᠰ ᠤᠨ ᠠᠮᠤᠷ ᠲᠦᠪᠰᠢᠨ ᠤ ᠦᠵᠡᠯᠲᠡ ᠶᠢ ᠬᠥᠮᠥᠰ ᠤᠨ | ᠰᠡᠳᠬᠢᠯ ᠳᠤ ᠬᠠᠳᠠᠩᠰᠢᠭᠤᠯᠬᠤ ᠶᠢ ᠪᠠᠲᠤᠯᠠᠵᠤ᠂ ︽ᠤᠯᠤᠰ ᠤᠨ ᠠᠮᠤᠷ ᠲᠦᠪᠰᠢᠨ᠂ ᠬᠥᠮᠥᠨ ᠪᠦᠬᠦᠨ ᠬᠠᠷᠢᠭᠤᠴᠠᠯᠭ᠎ᠠ ᠲᠠᠢ | ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠠᠮᠤᠷ ᠠᠮᠤᠭᠤᠯᠠᠩ | ᠭᠠᠷᠮᠠᠭᠠᠢ ᠪᠡᠯᠡ ᠮᠥᠩᠭᠦ᠂ ᠬᠠᠤᠯᠢ ᠪᠠᠷ ᠵᠠᠰᠠᠬᠤ ᠪᠡᠯᠡ ᠮᠥᠩᠭᠦ ᠶᠢ ᠪᠦᠲᠦᠭᠡᠨ ᠪᠠᠶᠢᠭᠤᠯᠬᠤ ᠳᠤ ᠰᠢᠨ᠎ᠡ ᠬᠦᠴᠦᠨ | ᠴᠢᠳᠠᠯ ᠢᠶᠠᠨ ᠡᠷᠭᠦᠨ᠎ᠡ ᠭᠡᠵᠡᠢ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |