ᠬᠥᠷᠥᠰᠥᠨ ᠤ ᠴᠢᠭᠢᠭ ᠤᠨ ᠪᠠᠶᠢᠳᠠᠯ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ︽ᠲᠤᠩᠭᠠᠯᠠᠭ ᠬᠡᠮᠵᠢᠭᠦᠷ︾ | ᠮᠥᠨ᠂ ᠬᠥᠷᠥᠰᠥ ᠰᠢᠷᠣᠶ ᠶᠢᠨ ᠤᠰᠤ ᠶᠢ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ ᠨᠢ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠨᠠᠷᠢᠯᠢᠭ ᠣᠨᠣᠴᠠᠲᠠᠶ ᠪᠠᠷ ᠤᠰᠤᠯᠠᠬᠤ ᠶᠢ ᠪᠡᠶᠡᠯᠡᠭᠦᠯᠬᠦ ᠳᠤ ᠲᠦᠢᠯ ᠤᠨ | ᠴᠢᠬᠤᠯᠠ ᠪᠠᠶᠢᠳᠠᠭ᠃ ᠣᠶᠢᠷ᠎ᠠ ᠳᠤ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠠᠴᠠ ᠲᠣᠰ ᠰᠢᠶᠠᠨ ᠤ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ | ᠴᠡᠭ ᠲᠤ ᠲᠠᠷᠢᠶᠠᠨ ᠭᠠᠵᠠᠷ ᠤᠨ ᠥᠯᠢᠭᠡᠷ ᠠᠪᠬᠤ ᠠᠵᠢᠯ ᠢ ᠥᠷᠨᠢᠭᠦᠯᠵᠦ᠂ ᠠᠳᠠᠯᠢ ᠪᠤᠰᠤ ᠭᠠᠵᠠᠷ ᠤᠨ ᠴᠢᠭᠢᠭ ᠤᠨ | ᠪᠠᠶᠢᠳᠠᠯ ᠤᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠬᠠᠪᠤᠷ ᠤᠨ ᠲᠠᠷᠢᠶᠠᠯᠠᠭ᠎ᠠ ᠳᠤ ᠬᠦᠴᠦᠲᠡᠶ ᠲᠤᠭ᠎ᠠ | ᠪᠠᠷᠢᠮᠲᠠ ᠶᠢᠨ ᠳᠡᠮᠵᠢᠯᠭᠡ ᠬᠠᠩᠭᠠᠪᠠ᠃ | ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠴᠡᠭ ᠲᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠶᠢᠨ ᠠᠵᠢᠯᠲᠠᠳ ᠰᠢᠷᠣᠶ ᠶᠢᠨ ᠥᠷᠥᠮᠳᠡᠭᠦᠷ ᠪᠠ ᠴᠠᠭᠠᠷᠢᠭ ᠬᠢᠲᠤᠭ᠎ᠠ ᠪᠠᠷ ᠤᠤᠯ | ᠬᠡᠯᠪᠡᠷᠢ ᠶᠢᠨ ᠰᠢᠷᠣᠶ ᠶᠢᠨ ᠥᠯᠢᠭᠡᠷ ᠡᠳ᠋ ᠴᠤᠭᠯᠠᠭᠤᠯᠵᠤ᠂ ᠥᠩᠭᠡᠨ ᠳᠠᠪᠬᠤᠷᠭ᠎ᠠ ᠶᠢᠨ 2cm ᠬᠥᠷᠥᠰᠥ ᠶᠢ | ᠠᠷᠢᠯᠭᠠᠭᠰᠠᠨ ᠤ ᠳᠠᠷᠠᠭ᠎ᠠ᠂ 0 - 20cm᠂ 20-40cm ᠵᠡᠷᠭᠡ ᠬᠠᠷᠠᠯᠲᠠ ᠶᠢᠨ ᠭᠦᠨᠵᠡᠭᠡᠶ ᠥᠯᠢᠭᠡᠷ ᠡᠳ᠋ | ᠠᠪᠤᠨ᠎ᠠ᠃ ᠰᠣᠷᠢᠴᠠ ᠠᠪᠴᠤ ᠪᠠᠷᠠᠭᠰᠠᠨ ᠤ ᠳᠠᠷᠠᠭ᠎ᠠ᠂ ᠰᠢᠷᠣᠢ ᠶᠢᠨ ᠶᠠᠩᠵᠤ ᠶᠢ ᠳᠠᠷᠣᠢ ᠳᠣᠣᠷ᠎ᠠ ᠨᠢ ᠬᠦᠨᠳᠦ | ᠬᠥᠩᠭᠡᠨᠴᠠᠭᠠᠨ ᠤ ᠬᠠᠶᠢᠷᠴᠠᠭ ᠲᠤ ᠬᠢᠵᠦ ᠪᠢᠲᠡᠭᠦᠯᠡᠨ ᠪᠢᠳᠡᠭᠦᠮᠵᠢᠯᠡᠵᠦ᠂ ᠤᠰᠤᠨ ᠤ ᠠᠭᠤᠷᠰᠢᠯᠲᠠ ᠶᠢ ᠰᠡᠷᠭᠡᠶᠢᠯᠡᠪᠡ᠃ | ᠰᠢᠷᠣᠶ ᠶᠢᠨ ᠶᠠᠩᠵᠤ ᠶᠢ ᠬᠢᠨᠠᠨ ᠬᠡᠮᠵᠢᠬᠦ ᠶᠠᠰᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ | ᠠᠵᠢᠯᠲᠠᠳ ᠴᠤᠭᠯᠠᠭᠤᠯᠤᠭᠰᠠᠨ ᠰᠢᠷᠣᠶ ᠶᠢᠨ ᠶᠠᠩᠵᠤ ᠶᠢ ᠠᠪᠴᠤ ᠲᠤᠷᠰᠢᠯᠲᠠ ᠶᠢᠨ ᠲᠠᠰᠤᠭ ᠲᠤ ᠣᠴᠢᠵᠤ | ᠬᠦᠨᠳᠦ ᠪᠠᠷ ᠬᠠᠭᠰᠠᠭᠠᠵᠤ᠂ ᠬᠥᠷᠥᠰᠥ ᠰᠢᠷᠣᠶ ᠶᠢᠨ ᠤᠰᠤ ᠠᠭᠤᠯᠬᠤ ᠨᠣᠷᠮ᠎ᠠ ᠶᠢ ᠣᠨᠣᠪᠴᠢᠲᠠᠶ ᠬᠡᠮᠵᠢᠨ | ᠲᠣᠭᠲᠠᠭᠠᠵᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠤᠨ ᠨᠠᠷᠢᠨ ᠲᠣᠳᠣᠷᠬᠠᠶ ᠲᠤᠭ᠎ᠠ ᠪᠠᠷᠢᠮᠲᠠ ᠮᠡᠳᠡᠭᠦᠯᠬᠦ | ᠬᠦᠰᠦᠨᠦᠭᠲᠦ ᠶᠢ ᠪᠣᠶ ᠪᠣᠯᠭᠠᠨ᠎ᠠ᠃ | ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠶᠣᠣ ᡁᠢ ᠾᠦᠢ | ᠬᠥᠷᠥᠰᠥᠨ ᠤ ᠴᠢᠭᠢᠭ ᠤᠨ ᠪᠠᠶᠢᠳᠠᠯ ᠨᠢ ᠮᠠᠨ ᠤ ᠤᠷᠭᠤᠮᠠᠯ ᠤᠨ ᠥᠰᠥᠯᠲᠡ ᠵᠢᠴᠢ ᠤᠰᠤᠨ ᠤ ᠡᠬᠢ | ᠪᠠᠶᠠᠯᠢᠭ ᠤᠨ ᠤᠰᠤᠯᠠᠯᠲᠠ ᠪᠠᠷ ᠪᠠᠭ᠎ᠠ ᠨᠠᠷᠢᠯᠢᠭ ᠣᠨᠣᠪᠴᠢᠲᠠᠢ ᠪᠠ ᠤᠨᠠᠯᠲᠠ ᠶᠢᠨ ᠥᠨᠳᠥᠷ ᠪᠣᠭᠤᠨᠢ ᠲᠠᠢ | ᠬᠤᠯᠪᠣᠭᠳᠠᠨ᠎ᠠ᠃ ᠡᠶᠢᠮᠦ ᠠᠴᠠ ᠪᠢᠳᠡ ᠵᠢᠯ ᠪᠦᠷᠢ 4 ᠰᠠᠷ᠎ᠠ ᠠᠴᠠ 10 ᠰᠠᠷ᠎ᠠ ᠶᠢᠨ ᠬᠤᠭᠤᠷᠣᠨᠳᠣ ᠬᠥᠷᠥᠰᠥ | ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠵᠢᠴᠢ ᠪᠠᠶᠢᠴᠠᠭᠠᠨ ᠬᠡᠮᠵᠢᠵᠦ᠂ ᠳᠤᠯᠠᠭᠠᠨ ᠤ ᠬᠡᠮᠵᠢᠶ᠎ᠡ᠂ | ᠴᠢᠭᠢᠭ ᠤᠨ ᠬᠡᠮᠵᠢᠶ᠎ᠡ ᠵᠢᠴᠢ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠦᠨᠳᠦᠰᠦᠯᠡᠨ ᠬᠢᠨᠠᠨ ᠬᠡᠮᠵᠢᠬᠦ ᠴᠡᠭ | ᠭᠠᠷᠭᠠᠵᠤ ᠬᠢᠨᠠᠨ ᠬᠡᠮᠵᠢᠵᠦ᠂ ᠮᠠᠨ ᠤ ᠭᠠᠵᠠᠷ ᠰᠢᠷᠣᠶ ᠶᠢᠨ ᠲᠠᠷᠢᠶᠠᠯᠠᠭ᠎ᠠ ᠳᠤ ᠪᠠᠲᠤ ᠪᠠᠬᠢ ᠲᠤᠭ᠎ᠠ ᠪᠠᠷᠢᠮᠲᠠ ᠶᠢᠨ | ᠰᠠᠭᠤᠷᠢ ᠶᠢ ᠬᠠᠩᠭᠠᠵᠤ᠂ ᠮᠠᠨ ᠤ ᠰᠢᠶᠠᠨ ᠤ ᠲᠠᠷᠢᠶᠠᠯᠠᠩ ᠤᠨ ᠶᠠᠪᠤᠳᠠᠯ ᠢ ᠬᠡᠪ ᠤᠨ ᠶᠣᠰᠣᠭᠠᠷ ᠶᠠᠪᠤᠭᠳᠠᠭᠤᠯᠵᠤ᠂ | ᠮᠠᠨ ᠤ ᠠᠮᠤ ᠪᠤᠳᠠᠭᠠᠨ ᠤ ᠤᠨᠠᠯᠲᠠ ᠶᠢᠨ ᠵᠢᠯ ᠳᠠᠷᠠᠭᠠᠯᠠᠨ ᠳᠡᠭᠡᠭᠰᠢᠯᠡᠬᠦ ᠶᠢ ᠪᠠᠲᠤᠯᠠᠵᠤ ᠪᠠᠶᠢᠨ᠎ᠠ᠃ | ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠨᠢ ᠲᠠᠷᠢᠶᠠᠯᠠᠩ ᠤᠨ ᠶᠠᠪᠤᠳᠠᠯ ᠤᠨ | ᠦᠢᠯᠡᠳᠪᠦᠷᠢᠯᠡᠯ ᠳᠤ ᠭᠠᠩ ᠬᠠᠭᠰᠠᠷᠠᠭᠠᠨ ᠪᠤᠶᠤ ᠤᠰᠤᠨ ᠳᠤ ᠳᠡᠪᠲᠦᠭᠡᠬᠦ ᠰᠡᠷᠡᠮᠵᠢᠯᠡᠭᠦᠯᠦᠯ ᠬᠠᠩᠭᠠᠵᠤ᠂ | ᠲᠠᠷᠢᠮᠠᠯ ᠤᠨ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠢ ᠪᠠᠭᠤᠷᠠᠭᠤᠯᠵᠤ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠪᠦᠲᠦᠮᠵᠢᠲᠡᠢ ᠳᠡᠭᠡᠭᠰᠢᠯᠡᠭᠦᠯᠵᠦ᠂ ᠲᠠᠷᠢᠮᠠᠯ ᠤᠨ ᠤᠷᠭᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠭᠠᠷᠤᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠵᠦᠸᠧᠽᠢ ᠰᠢᠶᠠᠨ ᠤ ᠤᠶᠤᠨᠴᠢᠯᠠᠭᠰᠠᠨ ᠣᠳᠣᠬᠢᠴᠢᠯᠠᠭᠰᠠᠨ | ᠲᠠᠷᠢᠶᠠᠯᠠᠩ ᠢ ᠬᠥᠭᠵᠢᠭᠦᠯᠬᠦ ᠳᠤ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ | ᠴᠢᠳᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |