ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠃ 4 ᠰᠠᠷ᠎ᠠ ᠶᠢᠨ 11 ᠤ ᠡᠳᠦᠷ᠂ ᠵᠦᠸᠧᠽᠢ ᠰᠢᠶᠠᠨ ᠤ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠴᠤᠭᠯᠠᠭᠠᠨ ᠳ᠋ᠠ ᠢᠦᠢ ᠱᠤ᠋ ᠰᠢᠶᠠᠩ ᠳᠤ | ᠶᠠᠪᠤᠭᠳᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠰᠢᠨ ᠴᠦᠨ ᠲᠤᠬᠠᠶ ᠶᠢᠨ ᠲᠠᠯᠠᠪᠤᠷ ᠤᠨ | ᠬᠤᠷᠠᠯ ᠳᠤ ᠣᠷᠣᠯᠴᠠᠪᠠ᠃ | ᠦᠵᠡᠭᠦᠯᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠤᠯᠠᠨ ᠵᠦᠢᠯ ᠤᠨ ᠬᠡᠯᠪᠡᠷᠢ ᠮᠠᠶ᠋ᠢᠭ ᠤᠨ | ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠥᠬᠦᠭᠡᠷᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ | ᠳᠡᠯᠭᠡᠷᠡᠭᠦᠯᠦᠨ᠂ ᠮᠡᠷᠭᠡᠵᠢᠯ ᠤᠨ ᠠᠵᠢᠯᠲᠠᠳ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠮᠠᠰᠢᠨ ᠤ ᠠᠵᠢᠯᠯᠠᠬᠤ | ᠦᠨᠳᠦᠰᠦᠯᠡᠯ᠂ ᠴᠢᠳᠠᠪᠬᠢ ᠶᠢᠨ ᠣᠨᠴᠠᠯᠢᠭ ᠵᠢᠴᠢ ᠠᠵᠢᠯᠯᠠᠬᠤ ᠠᠷᠭ᠎ᠠ ᠶᠢ ᠨᠠᠷᠢᠨ ᠲᠠᠶᠢᠯᠪᠤᠷᠢᠯᠠᠵᠤ᠂ ᠲᠤᠬᠠᠢ ᠶᠢᠨ | ᠲᠠᠯᠠᠪᠤᠷ ᠲᠤ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠣᠳᠠᠲᠠᠢ ᠬᠡᠷᠡᠭᠯᠡᠭᠡᠨ ᠤ ᠦᠷ᠎ᠡ ᠪᠦᠲᠦᠮᠵᠢ ᠶᠢ | ᠦᠵᠡᠭᠦᠯᠵᠦ᠂ ᠤᠯᠠᠨ ᠢᠶᠠᠷ ᠢᠶᠠᠨ ᠬᠤᠷᠢᠶᠠᠨ ᠠᠪᠤᠭᠰᠠᠨ ᠦᠷ᠎ᠡ ᠪᠦᠲᠦᠮᠵᠢ ᠶᠢ ᠰᠢᠯᠭᠠᠨ ᠦᠨᠡᠯᠡᠵᠦ ᠬᠠᠷᠢᠴᠠᠭᠤᠯᠤᠯ | ᠬᠢᠵᠦ᠂ ᠲᠠᠷᠢᠶᠠᠴᠢᠨ ᠡᠷᠦᠬᠡ ᠶᠢ ᠦᠨᠡᠨ ᠬᠦ ᠬᠠᠪᠰᠤᠷᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ | ᠲᠠᠷᠢᠮᠠᠯ ᠤᠨ ᠲᠣᠮᠣ ᠡᠷᠦᠬᠡ ᠶᠠᠩ ᠡᠯ ᠸᠠ | ᠪᠢᠳᠡ ᠥᠩᠭᠡᠷᠡᠭᠰᠡᠨ ᠳᠤ ᠰᠦᠯᠢᠶᠣᠣ ᠪᠦᠷᠬᠦᠪᠴᠢ ᠶᠢ ᠥᠪᠡᠷ ᠢᠶᠠᠨ ᠬᠤᠷᠢᠶᠠᠨ ᠠᠪᠴᠤ᠂ ᠬᠡᠷᠬᠢᠨ | ᠬᠤᠷᠢᠶᠠᠬᠤ ᠨᠢ ᠪᠦᠷ ᠴᠡᠪᠡᠷ ᠪᠢᠰᠢ ᠪᠠᠶᠢᠵᠤ᠂ ᠬᠥᠮᠦᠨ ᠤ ᠬᠦᠴᠦᠨ ᠤ ᠰᠦᠢᠳᠬᠡᠯ ᠮᠥᠷᠲᠡᠭᠡᠨ ᠵᠣᠭᠤᠰ ᠴᠤ ᠬᠦᠷᠬᠦ | ᠦᠭᠡᠢ ᠶᠤᠮ᠃ ᠥᠨᠥᠳᠦᠷ ᠳᠡᠯᠭᠡᠨ ᠦᠵᠡᠭᠦᠯᠬᠦ ᠮᠠᠰᠢᠨ ᠢ ᠪᠢᠳᠡ ᠪᠦᠷ ᠦᠵᠡᠭᠡᠳ᠂ ᠬᠤᠷᠢᠶᠠᠨ ᠠᠪᠤᠭᠰᠠᠨ ᠨᠢ | ᠨᠡᠯᠢᠶᠡᠳ ᠴᠡᠪᠡᠷ ᠪᠣᠯᠵᠠᠢ᠂ ᠥᠩᠭᠡᠷᠡᠭᠰᠡᠨ ᠳᠤ ᠦᠯᠡᠳᠡᠭᠳᠡᠵᠦ ᠪᠠᠶᠢᠭᠰᠠᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ | ᠴᠤ ᠬᠤᠷᠢᠶᠠᠵᠠᠢ᠂ ᠮᠠᠨ ᠤ ᠲᠠᠷᠢᠶᠠᠴᠢᠳ ᠲᠤ ᠠᠪᠴᠤ ᠬᠡᠯᠡᠪᠡᠯ ᠮᠠᠰᠢ ᠶᠡᠭᠡ ᠠᠰᠢᠭ ᠲᠤᠰᠠ ᠲᠠᠢ ᠰᠦᠯᠢᠶᠣᠣ | ᠪᠦᠷᠬᠦᠪᠴᠢ ᠶᠢ ᠴᠡᠪᠡᠷᠯᠡᠨ ᠲᠢᠭᠯᠡᠵᠦ᠂ ᠲᠠᠷᠢᠶᠠᠨ ᠤ ᠤᠨᠠᠯᠲᠠ ᠶᠢ ᠴᠤ ᠭᠠᠷᠭᠠᠬᠤ ᠪᠣᠯᠤᠨ᠎ᠠ᠃ | ᠲᠣᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠳᠤ ᠣᠯᠠᠨ ᠵᠦᠢᠯ ᠤᠨ ᠬᠡᠯᠪᠡᠷᠢ ᠮᠠᠶ᠋ᠢᠭ ᠤᠨ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠮᠠᠰᠢᠨ ᠨᠢ ᠲᠠᠷᠢᠶᠠᠴᠢᠨ ᠡᠷᠦᠬᠡ ᠶᠢ ᠲᠣᠰ ᠲᠣᠰ ᠤᠨ ᠳᠠᠷᠢᠭᠰᠠᠨ ᠲᠠᠷᠢᠮᠠᠯ᠂ | ᠰᠦᠯᠢᠶᠣᠣ ᠪᠦᠷᠬᠦᠪᠴᠢ ᠶᠢᠨ ᠪᠠᠶᠢᠳᠠᠯ ᠪᠠ ᠮᠠᠰᠢᠨ ᠮᠧᠬᠠᠨᠢᠭ ᠢᠶᠠᠷ ᠠᠵᠢᠯᠯᠠᠬᠤ ᠥᠷᠭᠡᠴᠡ᠂ ᠰᠢᠷᠣᠶ ᠶᠢᠨ ᠭᠦᠨᠴᠡ᠂ | ᠮᠧᠬᠠᠨᠢᠭ ᠬᠥᠳᠡᠯᠭᠡᠬᠦ ᠬᠦᠴᠦᠨ ᠵᠡᠷᠭᠡ ᠲᠠᠯ᠎ᠠ ᠶᠢᠨ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ | ᠰᠣᠩᠭᠤᠵᠤ ᠪᠣᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠶᠢᠨ ᠳᠠᠷᠤᠭ᠎ᠠ ᠵᠢᠶᠤᠤ ᠬᠠᠶ ᠯᠢᠨ | ᠪᠢᠳᠡ ᠲᠣᠰ ᠤᠳᠠᠭᠠᠨ ᠤ ᠦᠵᠡᠭᠦᠯᠦᠯᠭᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠮᠠᠨ ᠤ ᠰᠢᠶᠠᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠬᠢᠷᠠᠮᠵᠢᠲᠠᠶ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ | ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠭᠡᠭᠦᠯᠦᠨ ᠬᠤᠷᠢᠶᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠦᠨ᠎ᠡ᠃ ᠡᠭᠦᠨ ᠤ ᠬᠠᠮᠲᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ | ᠲᠠᠷᠢᠶᠠᠴᠢᠨ ᠡᠷᠦᠬᠡ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠶᠢᠨ ᠲᠠᠨᠢᠨ | ᠮᠡᠳᠡᠬᠦ ᠬᠡᠮᠵᠢᠶ᠎ᠡ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ | ᠪᠠ ᠬᠠᠮᠢᠶ᠎ᠠ ᠪᠥᠬᠦᠶ ᠠᠵᠤ ᠠᠬᠤᠶᠢᠯᠠᠯ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠳᠤ | ᠣᠷᠣᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠦᠨᠡᠨ ᠬᠦ ᠠᠬᠢᠭᠤᠯᠬᠤ | ᠬᠡᠷᠡᠭᠲᠡᠶ᠃ | ᠬᠤᠲᠠ ᠰᠢᠶᠠᠨ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ᠂ ᠪᠥᠬᠦ ᠰᠢᠶᠠᠨ ᠤ ᠲᠠᠷᠢᠮᠠᠯ ᠤᠨ ᠲᠣᠮᠣ ᠡᠷᠦᠬᠡ᠂ ᠲᠠᠷᠢᠶᠠᠴᠢᠳ ᠤᠨ | ᠬᠤᠷᠰᠢᠶ᠎ᠠ ᠶᠢᠨ ᠲᠥᠯᠥᠭᠡᠯᠡᠭᠴᠢ ᠪᠠ ᠲᠠᠷᠢᠶᠠᠯᠠᠩ ᠤᠨ ᠮᠠᠰᠢᠨ ᠤ ᠲᠤᠰᠬᠠᠶ ᠮᠡᠷᠭᠡᠵᠢᠯᠲᠡᠨ ᠠᠵᠢᠯᠯᠠᠭ᠎ᠠ ᠳᠤ | ᠣᠷᠣᠯᠴᠠᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |