ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠪᠡᠶ᠎ᠡ ᠶᠢᠨ ᠲᠠᠮᠢᠷ ᠵᠦᠸᠧᠽᠢ ᠰᠢᠶᠠᠨ ᠤ ᠰᠢᠯᠭᠠᠭᠤᠯᠤᠭᠴᠢ ᠶᠢᠨ ᠪᠡᠶ᠎ᠡ ᠶᠢᠨ ᠲᠠᠮᠢᠷ ᠤᠨ ᠠᠵᠢᠯ ᠳᠤ ᠪᠥᠬᠦ ᠬᠦᠴᠦᠨ ᠢᠶᠠᠷ ᠢᠶᠠᠨ ᠪᠡᠯᠡᠳᠬᠡᠭᠰᠡᠨ ᠰᠢᠯᠢᠳᠡᠭ ᠠᠮᠵᠢᠯᠲᠠ ᠪᠦᠲᠦᠮᠵᠢ
ᠨᠡᠶᠢᠲᠡᠯᠡᠭᠰᠡᠨ ᠴᠠᠭ᠄
2025/4/17
    ᠰᠢᠨ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠳᠠᠭᠠᠯᠳᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠭᠤᠯᠭ᠎ᠠ ᠬᠢᠭᠡᠳ ᠡᠷᠡᠭᠦᠯ ᠮᠡᠨᠳᠦ ᠶᠢᠨ ᠦᠨᠡᠯᠡᠯᠲᠡ ᠶᠢᠨ ᠪᠠᠷᠢᠮᠵᠢᠶ᠎ᠠ ᠳᠤ ᠪᠠᠰᠠ ᠰᠢᠨ᠎ᠡ ᠬᠤᠪᠢᠷᠠᠯᠲᠠ ᠭᠠᠷᠴᠤ᠂ ᠰᠢᠯᠭᠠᠯᠲᠠ ᠶᠢᠨ ᠬᠤᠪᠢ ᠶᠢᠨ ᠬᠡᠮᠵᠢᠭᠳᠡᠯ ᠢ 80 ᠬᠤᠪᠢ ᠪᠣᠯᠭᠠᠨ ᠳᠡᠭᠡᠭᠰᠢᠯᠡᠭᠦᠯᠪᠡ᠃ ᠰᠤᠷᠤᠭᠴᠢᠳ ᠤᠨ ᠥᠨᠳᠥᠷ ᠪᠦᠲᠦᠮᠵᠢᠲᠡᠶ ᠰᠢᠯᠭᠠᠯᠲᠠ ᠶᠢᠨ ᠪᠡᠯᠡᠳᠬᠡᠯ ᠴᠠᠭ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠳᠤᠮᠳᠠᠳᠤ ᠰᠤᠷᠭᠠᠭᠤᠯᠢ ᠡᠷᠡᠭᠦᠯ ᠮᠡᠨᠳᠦ ᠶᠢᠨ ᠨᠢᠭᠡᠳᠦᠭᠡᠷ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠶᠣᠰᠣᠭᠠᠷ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠨᠡᠭᠡᠭᠡᠬᠦ ᠬᠠᠲᠠᠭᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠲᠣᠰ ᠪᠡᠶ᠎ᠡ ᠶᠢᠨ ᠣᠨᠴᠠᠯᠢᠭ ᠪᠠ ᠰᠢᠨᠵᠢᠯᠡᠬᠦ ᠤᠬᠠᠭᠠᠨᠴᠢ ᠪᠣᠯᠪᠠᠰᠤᠷᠠᠯ ᠤᠨ ᠲᠥᠯᠥᠪᠯᠡᠭᠡ ᠲᠠᠢ ᠤᠶᠠᠯᠳᠤᠭᠤᠯᠤᠨ᠂ ︽ᠪᠣᠯᠪᠠᠰᠤᠷᠠᠯ ᠢᠶᠠᠷ ᠰᠢᠯᠭᠠᠯᠲᠠ ᠶᠢ ᠠᠬᠢᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠢ ᠬᠠᠪᠰᠤᠷᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠲᠤ ᠢᠳᠡᠪᠬᠢᠲᠡᠶ ᠪᠡᠯᠡᠳᠬᠡᠵᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃    ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ᠂ ᠰᠤᠷᠭᠠᠭᠤᠯᠢ ᠨᠢ ᠶᠡᠭᠡ ᠬᠢᠴᠢᠶᠡᠯ ᠤᠨ ᠲᠠᠰᠤᠭ ᠪᠣᠯᠤᠨ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠢ ᠭᠦᠢᠴᠡᠳ ᠠᠰᠢᠭᠯᠠᠵᠤ᠂ ᠠᠳᠠᠯᠢ ᠪᠤᠰᠤ ᠣᠨ ᠤ ᠰᠤᠷᠤᠭᠴᠢᠳ ᠢ ᠠᠩᠬᠢ ᠪᠠᠷ ᠨᠢᠭᠡᠴᠢ ᠪᠣᠯᠭᠠᠨ ᠴᠠᠭ ᠪᠠ ᠣᠷᠣᠨ ᠬᠤᠪᠢᠶᠠᠨ ᠡᠭᠡᠯᠵᠢᠯᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠥᠷᠨᠢᠭᠦᠯᠪᠡ᠃ ᠠᠩᠬ᠎ᠠ ᠵᠡᠷᠭᠡ ᠶᠢᠨ ᠨᠢᠭᠡᠳᠦᠭᠡᠷ᠂ ᠠᠩᠬ᠎ᠠ ᠵᠡᠷᠭᠡ ᠶᠢᠨ ᠬᠤᠶᠠᠳᠤᠭᠠᠷ ᠣᠨ ᠤ ᠰᠤᠷᠤᠭᠴᠢᠳ ᠭᠦᠶᠦᠯᠲᠡ ᠶᠢᠨ ᠪᠣᠯᠪᠠᠰᠤᠷᠠᠯ ᠬᠢᠪᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠪᠡᠶ᠎ᠡ ᠶᠢᠨ ᠲᠠᠮᠢᠷ ᠤᠨ ᠪᠠᠭᠰᠢ ᠶᠢᠨ ᠵᠢᠯᠣᠭᠤᠳᠣᠯᠭ᠎ᠠ ᠳᠣᠤᠷ᠎ᠠ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠥᠯ ᠪᠥᠮᠪᠦᠭᠡ᠂ ᠰᠠᠭᠰᠤᠨ ᠪᠥᠮᠪᠦᠭᠡ᠂ ᠵᠡᠪᠰᠡᠭ ᠤᠨ ᠡᠷᠳᠡᠮ ᠵᠡᠷᠭᠡ ᠠᠳᠠᠯᠢ ᠪᠤᠰᠤ ᠰᠢᠯᠭᠠᠯᠲᠠ ᠶᠢᠨ ᠲᠥᠷᠥᠯ ᠵᠦᠢᠯ ᠤᠨ ᠪᠣᠯᠪᠠᠰᠤᠷᠠᠯ ᠳᠤ ᠣᠷᠣᠯᠴᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠰᠠᠨ ᠪᠡᠶ᠎ᠡ ᠶᠢᠨ ᠲᠠᠮᠢᠷ ᠤᠨ ᠰᠠᠶᠢᠨ ᠬᠢᠷᠢ ᠪᠦᠲᠦᠮᠵᠢ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠳᠤᠮᠳᠠᠳᠤ ᠰᠤᠷᠭᠠᠭᠤᠯᠢ ᠶᠢᠨ ᠶᠢᠰᠦᠳᠦᠭᠡᠷ ᠣᠨ ᠤ ᠰᠤᠷᠤᠭᠴᠢ ᠭᠦᠸᠧ ᠵᠢᠶᠠ ᠢᠦᠢ    ᠮᠢᠨᠦ ᠦᠵᠡᠬᠦ ᠪᠠᠷ ᠪᠡᠶ᠎ᠡ ᠶᠢᠨ ᠲᠠᠮᠢᠷ ᠤᠨ ᠰᠢᠯᠭᠠᠯᠲᠠ ᠪᠣᠯ ᠪᠢᠳᠡᠨ ᠤ ᠨᠢᠭᠡ ᠵᠦᠢᠯ ᠤᠨ ᠥᠷᠢᠰᠥᠯᠳᠦᠭᠡᠨ ᠪᠣᠯᠬᠤ ᠪᠠᠷ ᠪᠠᠷᠠᠬᠤ ᠦᠭᠡᠢ᠂ ᠨᠡᠩ ᠴᠤ ᠮᠠᠨ ᠤ ᠪᠡᠶ᠎ᠡ ᠰᠡᠳᠬᠢᠯ ᠤᠨ ᠨᠢᠭᠡ ᠵᠦᠢᠯ ᠤᠨ ᠪᠣᠯᠪᠠᠰᠤᠷᠠᠯ ᠪᠣᠯᠤᠨ᠎ᠠ᠂ ᠰᠠᠶᠢᠨ ᠪᠡᠶ᠎ᠡ ᠶᠢᠨ ᠲᠠᠮᠢᠷ ᠤᠨ ᠰᠢᠯᠭᠠᠯᠲᠠ ᠨᠢ ᠵᠥᠪᠬᠡᠨ ᠮᠠᠨ ᠤ ᠪᠡᠶ᠎ᠡ ᠰᠡᠳᠬᠢᠯ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠮᠠᠨ ᠤ ᠰᠤᠷᠤᠯᠭ᠎ᠠ ᠶᠢᠨ ᠬᠢᠷᠢ ᠪᠦᠲᠦᠮᠵᠢ ᠶᠢ ᠨᠡᠩ ᠳᠡᠭᠡᠭᠰᠢᠯᠡᠭᠦᠯᠵᠦ ᠴᠢᠳᠠᠨ᠎ᠠ᠃ ᠬᠤᠶᠢᠰᠢᠳᠠ ᠶᠢᠨ ᠰᠤᠷᠤᠯᠴᠠᠬᠤ ᠶᠠᠪᠤᠴᠠ ᠳᠤ᠂ ᠪᠡᠶ᠎ᠡ ᠶᠢᠨ ᠲᠠᠮᠢᠷ ᠤᠨ ᠴᠤᠭᠯᠠᠭᠠᠨ ᠨᠢ ᠮᠢᠨᠦ ᠦᠰᠦᠨ ᠪᠤᠶᠢᠵᠢᠬᠤ ᠶᠢ ᠳᠠᠭᠠᠯᠳᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠪᠢ ᠪᠠᠰᠠ ᠰᠠᠶᠢᠨ ᠬᠢᠷᠢ ᠪᠦᠲᠦᠮᠵᠢ ᠣᠯᠬᠤ ᠶᠢ ᠢᠲᠡᠭᠡᠵᠦ ᠪᠠᠶᠢᠨ᠎ᠠ᠃    ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ ᠢ ᠠᠷᠭᠠᠴᠠᠬᠤ ᠶᠢᠨ ᠲᠥᠯᠥᠭᠡ ᠪᠢᠰᠢ᠂ ᠨᠡᠩ ᠴᠤ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠵᠢᠴᠢ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠯᠭᠡᠭᠡᠨ ᠢ ᠬᠠᠶᠢᠷᠠᠯᠠᠬᠤ᠂ ᠡᠷᠡᠭᠦᠯ ᠴᠢᠭᠢᠷᠠᠭ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢᠨ ᠲᠥᠯᠥᠭᠡ ᠶᠤᠮ᠂ ᠪᠠᠰᠠ ᠴᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ︽ᠪᠡᠶ᠎ᠡ ᠶᠢᠨ ᠲᠠᠮᠢᠷ ᠤᠨ ᠬᠦᠮᠦᠨ︾ ᠵᠢᠠᠮᠢᠳᠤᠯᠢᠭ ᠲᠠᠶᠢᠯᠪᠤᠷᠢᠯᠠᠵᠤ ᠪᠠᠶᠢᠨ᠎ᠠ᠃    ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠯᠢᠦ ᠶᠠᠩ    ᠮᠠᠨ ᠤ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠠᠳᠠᠯᠢ ᠪᠤᠰᠤ ᠶᠢ ᠦᠨᠳᠦᠰᠦᠯᠡᠨ᠂ ᠠᠳᠠᠯᠢ ᠪᠤᠰᠤ ᠰᠢᠨᠵᠢᠯᠡᠬᠦ ᠤᠬᠠᠭᠠᠨ ᠤ ᠪᠣᠯᠪᠠᠰᠤᠷᠠᠯ ᠤᠨ ᠠᠷᠭ᠎ᠠ ᠶᠢ ᠲᠣᠭᠲᠠᠭᠠᠪᠠ᠃ ᠪᠣᠯᠪᠠᠰᠤᠷᠠᠯ ᠤᠨ ᠶᠠᠪᠤᠴᠠ ᠳᠤ ᠪᠢᠳᠡ ᠰᠤᠷᠤᠭᠴᠢᠳ ᠤᠨ ᠬᠤᠪᠢ ᠶᠢᠨ ᠵᠥᠷᠢᠶ᠎ᠡ᠂ ᠵᠢᠱᠢᠶᠡᠯᠡᠪᠡᠯ ᠪᠡᠶ᠎ᠡ ᠮᠠᠬᠠᠪᠣᠳ ᠤᠨ ᠠᠳᠠᠯᠢ ᠪᠤᠰᠤ᠂ ᠪᠠᠭᠤᠷᠠᠶ ᠲᠥᠷᠥᠯ ᠵᠦᠢᠯ ᠤᠨ ᠠᠳᠠᠯᠢ ᠪᠤᠰᠤ ᠶᠢ ᠦᠨᠳᠦᠰᠦᠯᠡᠨ᠂ ᠥᠪᠡᠷᠮᠢᠴᠡ ᠪᠣᠯᠪᠠᠰᠤᠷᠠᠯ ᠬᠢᠵᠦ᠂ ᠰᠤᠷᠤᠭᠴᠢ ᠨᠢᠭᠡᠪᠦᠷᠢ ᠴᠥᠮ ᠪᠣᠯᠪᠠᠰᠤᠷᠠᠯ ᠢᠶᠠᠷ ᠳᠠᠮᠵᠢᠨ ᠥᠪᠡᠷ ᠤᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠤ᠂ ᠲᠡᠳᠡᠨ ᠢ ᠬᠠᠪᠰᠤᠷᠤᠨ ᠬᠤᠶᠢᠰᠢᠳᠠ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ ᠤᠨ ᠳᠤᠮᠳᠠ ᠨᠠᠩ ᠰᠠᠶᠢᠨ ᠬᠢᠷᠢ ᠪᠦᠲᠦᠮᠵᠢ ᠤᠯᠬᠤ ᠪᠣᠯᠤᠨ᠎ᠠ᠃    ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠬᠢᠨ ᠰᠤᠷᠤᠭᠴᠢᠳ ᠤᠨ ᠬᠥᠭᠵᠢᠯᠲᠡ ᠪᠠᠷ ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠤᠨ ᠰᠢᠨ᠎ᠡ ᠶᠢ ᠡᠭᠦᠳᠴᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠠᠰᠤᠷᠠᠯᠲᠠ ᠦᠭᠡᠢ ᠠᠬᠢᠭᠤᠯᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠤᠨ᠎ᠠ᠃            ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2