ᠨᠥᠬᠦᠪᠥᠷᠢ ᠥᠭᠴᠦ ᠠᠵᠢᠯ ᠣᠯᠭᠤᠯᠲᠠ ᠶᠢ ᠠᠬᠢᠭᠤᠯᠤᠶ᠎ᠠ︕ ᠵᠦᠸᠧᠽᠢ ᠰᠢᠶᠠᠨ ᠤ ᠠᠵᠢᠯ ᠣᠯᠭᠤᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/4/17
    ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠢ ᠦᠨᠡᠨ ᠬᠦ ᠬᠠᠪᠰᠤᠷᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃    ᠥᠷᠯᠥᠭᠡ ᠶᠢᠨ 9 ᠴᠠᠭ ᠲᠤ ᠵᠦᠸᠧᠽᠢ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠲᠢᠩᠬᠢᠮ ᠳᠤ ᠬᠥᠮᠥᠨ ᠬᠤᠷᠠᠨ ᠴᠤᠭᠯᠠᠷᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ ᠭᠤᠶᠤᠴᠢᠯᠠᠯ ᠢ ᠭᠦᠢᠴᠡᠳᠬᠡᠬᠦ ᠪᠠᠷ ᠢᠷᠡᠭᠰᠡᠨ ᠤᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ ᠪᠠᠶᠢᠯ᠎ᠠ᠃ ᠡᠳᠡᠭᠡᠷ ᠭᠤᠶᠤᠴᠢᠯᠠᠭᠳᠠᠭᠴᠢ ᠪᠣᠯ ᠴᠥᠮ ᠰᠢᠶᠠᠨ ᠤ ᠳᠣᠲᠣᠷ᠎ᠠ ᠨᠢᠭᠡᠨᠲᠡ ᠭᠤᠷᠪᠠᠨ ᠰᠠᠷ᠎ᠠ ᠠᠴᠠ ᠳᠡᠭᠡᠭᠰᠢ ᠠᠵᠢᠯ ᠣᠯᠤᠭᠰᠠᠨ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠵᠠᠬ᠎ᠠ ᠬᠢᠵᠠᠭᠠᠷ ᠤᠨ ᠡᠷᠦᠬᠡ ᠪᠠ ᠡᠩ ᠤᠨ ᠲᠠᠷᠢᠶᠠᠴᠢᠨ ᠡᠷᠦᠬᠡ ᠪᠣᠯᠤᠨ᠎ᠠ᠃    ᠴᠢ ᠰᠢᠶᠠ ᠶᠢᠩ ᠪᠠᠯᠭᠠᠰᠤᠨ ᠤ ᠹᠦ᠋ ᠬᠤ᠋ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠴᠢᠨ ᡁᠢ ᠹᠸᠢ ᠪᠣᠯ ᠥᠪᠥᠷ ᠮᠣᠩᠭᠤᠯ ᠤᠨ ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠠᠬᠢᠯᠭᠠᠨ ᠬᠡᠮᠵᠢᠭᠦᠷ ᠤᠨ ᠦᠢᠯᠡᠳᠪᠦᠷᠢ ᠶᠢᠨ ᠲᠠᠰᠤᠭ ᠤᠨ ᠨᠢᠭᠡᠨ ᠠᠬᠠᠮᠠᠳ ᠠᠵᠢᠯᠲᠠᠨ ᠪᠣᠯᠤᠨ᠎ᠠ᠃ ᠡᠨᠡ ᠪᠣᠯ ᠨᠢᠭᠡᠨᠲᠡ ᠲᠡᠭᠦᠨ ᠤ ᠬᠤᠶᠠᠳᠠᠬᠢ ᠤᠳᠠᠭᠠᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ ᠭᠤᠶᠤᠴᠢᠯᠠᠵᠤ ᠪᠠᠶᠢᠭ᠎ᠠ ᠶᠠᠪᠤᠳᠠᠯ ᠪᠣᠯᠤᠨ᠎ᠠ᠂ ᠨᠢᠳᠤᠨᠤᠨ ᠲᠡᠷᠡ 800 ᠲᠥᠭᠦᠷᠢᠭ ᠤᠨ ᠨᠥᠬᠦᠪᠥᠷᠢ ᠮᠥᠩᠭᠦ ᠣᠯᠵᠤ᠂ ᠡᠨᠡ ᠵᠢᠯ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠭᠰᠠᠨ ᠤ ᠬᠤᠪᠢ ᠳᠤ ᠲᠡᠷᠡ 1300 ᠲᠥᠭᠦᠷᠢᠭ ᠣᠯᠵᠤ ᠪᠣᠯᠤᠨ᠎ᠠ᠃    ᠥᠪᠥᠷ ᠮᠣᠩᠭᠤᠯ ᠤᠨ ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠴᠢᠨ ᡁᠢ ᠹᠧᠢ    ᠪᠢ ᠨᠢᠭᠡᠨᠲᠡ ᠬᠤᠶᠠᠷ ᠵᠢᠯ ᠳᠠᠷᠠᠭᠠᠯᠠᠨ ᠡᠨᠡ ᠬᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢᠨ ᠨᠥᠬᠦᠪᠥᠷᠢ ᠶᠢ ᠭᠤᠶᠤᠴᠢᠯᠠᠵᠤ᠂ ᠬᠡᠷ ᠤᠨ ᠵᠠᠷᠤᠯᠭ᠎ᠠ ᠶᠢ ᠨᠢ ᠪᠠᠭ᠋ᠠᠲᠠᠶ ᠪᠣᠯᠭᠠᠵᠤ᠂ ᠪᠠᠶᠢᠭᠤᠯᠭ᠎ᠠ ᠶᠢᠨ ᠠᠵᠢᠯ ᠬᠢᠬᠦ ᠳᠤ ᠴᠤ ᠨᠠᠩ ᠡᠷᠴᠢ ᠵᠣᠷᠢᠭ ᠲᠠᠢ ᠪᠣᠯᠭᠠᠵᠤ᠂ ᠠᠮᠢᠳᠤᠷᠠᠯ ᠨᠢ ᠴᠦ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃    ᠡᠨᠡ ᠵᠢᠯ ᠠᠴᠠ ᠨᠠᠰᠢ᠂ ᠵᠦᠸᠧᠽᠢ ᠰᠢᠶᠠᠨ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠦᠷᠦᠯ ᠵᠦᠢᠯ ᠢᠶᠠᠷ ᠳᠠᠮᠵᠢᠭᠤᠯᠤᠨ ᠲᠤᠰᠬᠠᠢ ᠲᠦᠷᠦᠯ ᠤᠨ ᠪᠡᠯᠡ ᠮᠥᠩᠭᠦ 100 ᠲᠦᠮᠡᠨ ᠲᠥᠭᠦᠷᠢᠭ ᠣᠷᠣᠭᠤᠯᠵᠤ᠂ ᠲᠤᠰ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠳᠤ ᠠᠵᠢᠯ ᠣᠯᠭᠤᠯᠲᠠ ᠶᠢᠨ ᠨᠥᠬᠦᠪᠥᠷᠢ ᠣᠯᠭᠤᠵᠤ᠂ ᠬᠥᠳᠡᠯᠮᠦᠷᠢᠴᠢᠳ ᠤᠨ ᠰᠢᠶᠠᠨ ᠤ ᠬᠡᠪᠴᠢᠶᠡᠨ ᠳᠤ ᠲᠣᠭᠲᠠᠭᠤᠨ ᠢᠶᠠᠷ ᠠᠵᠢᠯ ᠤᠯᠬᠤ ᠶᠢ ᠴᠢᠨᠠᠭᠰᠢᠳᠠ ᠵᠣᠷᠢᠭᠵᠢᠭᠤᠯᠵᠤ᠂ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠲᠣᠭᠲᠠᠪᠤᠷᠢᠲᠤ ᠴᠢᠨᠠᠷ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃    ᠵᠦᠸᠧᠽᠢ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠸᠠᠩ ᠬᠠᠢ ᠵᠢᠶᠦ᠋ᠨ    ᠡᠨᠡ ᠬᠦ ᠲᠥᠷᠥ ᠶᠢᠨ ᠪᠣᠳᠣᠯᠭ᠎ᠠ ᠨᠢ ᠮᠠᠨ ᠤ ᠰᠢᠶᠠᠨ ᠤ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠳᠤ ᠠᠪᠴᠤ ᠬᠡᠯᠡᠪᠡᠯ᠂ ᠲᠡᠷᠡ ᠨᠢ ᠬᠤᠪᠢ ᠶᠢᠨ ᠨᠢᠭᠡ ᠲᠣᠭᠤᠷᠢᠭ ᠪᠣᠯᠤᠨ᠎ᠠ᠃ ᠡᠩ ᠤᠨ ᠡᠷᠦᠬᠡ ᠳᠤ 800 ᠲᠥᠭᠦᠷᠢᠭ ᠰᠢᠶᠠᠨ ᠤ ᠳᠣᠲᠣᠷ᠎ᠠ ᠠᠵᠢᠯ ᠣᠯᠭᠤᠭᠰᠠᠨ ᠨᠢ 800 ᠲᠥᠭᠦᠷᠢᠭ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ 1300 ᠲᠥᠭᠦᠷᠢᠭ ᠪᠣᠯᠤᠨ᠎ᠠ︔ ᠰᠢᠶᠠᠨ ᠤ ᠭᠠᠳᠠᠨ᠎ᠠ ᠮᠤᠵᠢ ᠶᠢᠨ ᠳᠣᠲᠣᠷ᠎ᠠ ᠠᠵᠢᠯ ᠣᠯᠤᠭᠰᠠᠨ ᠡᠩ ᠤᠨ ᠡᠷᠦᠬᠡ 1300 ᠲᠥᠭᠦᠷᠢᠭ ᠪᠠᠶᠢᠵᠤ᠂ ᠰᠢᠶᠠᠨ ᠤ ᠭᠠᠳᠠᠨ᠎ᠠ ᠣᠷᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠤ 1800 ᠲᠥᠭᠦᠷᠢᠭ ᠤᠨ ᠨᠥᠬᠦᠪᠥᠷᠢ ᠥᠭᠭᠦᠨ᠎ᠡ︔ ᠮᠤᠵᠢ ᠶᠢᠨ ᠭᠠᠳᠠᠨ᠎ᠠ ᠠᠵᠢᠯ ᠣᠯᠤᠭᠰᠠᠨ ᠡᠩ ᠤᠨ ᠬᠥᠳᠡᠯᠮᠦᠷᠢ ᠬᠦᠴᠦᠨ ᠳᠤ 1800 ᠲᠥᠭᠦᠷᠢᠭ ᠤᠨ ᠨᠥᠬᠦᠪᠥᠷᠢ ᠥᠭᠴᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ 2300 ᠲᠥᠭᠦᠷᠢᠭ ᠤᠨ ᠨᠥᠬᠦᠪᠥᠷᠢ ᠥᠭᠭᠦᠨ᠎ᠡ︔ ᠪᠠᠰᠠ ᠨᠢᠭᠡ ᠨᠢ ᠪᠡᠭᠡᠵᠢᠩ ᠳᠤ ᠬᠦᠷᠴᠦ ᠰᠢᠯᠵᠢᠭᠦᠯᠦᠨ ᠠᠵᠢᠯ ᠣᠯᠤᠭᠰᠠᠨ ᠶᠤᠮ᠂ ᠳᠠᠷᠤᠢ ᠮᠠᠨ ᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠪᠡᠭᠡᠵᠢᠩ ᠤᠨ ᠴᠤᠤᠶᠠᠩ ᠲᠣᠭᠤᠷᠢᠭ ᠲᠤ ᠠᠵᠢᠯ ᠣᠯᠵᠤ᠂ ᠵᠢᠯ ᠪᠦᠷᠢ ᠶᠢᠨ ᠨᠥᠬᠦᠪᠥᠷᠢ 5000 ᠲᠥᠭᠦᠷᠢᠭ ᠪᠣᠯᠤᠨ᠎ᠠ᠃ ᠡᠨᠡ ᠬᠦ ᠲᠥᠷᠥ ᠶᠢᠨ ᠪᠣᠳᠣᠯᠭ᠎ᠠ ᠨᠢ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠵᠦ ᠪᠠᠶᠢᠬᠤ ᠶᠢ ᠢᠯᠡᠷᠡᠭᠦᠯᠦᠭᠰᠡᠨ ᠪᠥᠭᠡᠳ ᠲᠡᠳᠡᠨ ᠤ ᠲᠣᠭᠲᠠᠭᠤᠨ ᠢᠶᠠᠷ ᠠᠵᠢᠯ ᠣᠯᠬᠤ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠠᠶ᠃            ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2