2024 - 2025 ᠢᠯᠴᠢ ᠬᠠᠩᠭᠠᠬᠤ ᠤᠯᠠᠷᠢᠯ ᠤᠨ ᠢᠯᠴᠢ ᠬᠠᠩᠭᠠᠬᠤ ᠴᠠᠭ ᠢ ᠤᠷᠲᠤᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/4/17
    ᠴᠠᠭ ᠠᠭᠤᠷ ᠤᠨ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠮᠠᠨ ᠤ ᠰᠢᠶᠠᠨ ᠬᠦᠢᠲᠡᠨ ᠠᠭᠠᠷ ᠤᠨ ᠨᠥᠯᠥᠭᠡ ᠶᠢ ᠬᠦᠷᠲᠡᠵᠦ᠂ ᠠᠭᠠᠷ ᠤᠨ ᠳᠤᠯᠠᠭᠠᠨ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠮᠥᠨ ᠨᠡᠯᠢᠶᠡᠳ ᠳᠣᠤᠷ᠎ᠠ ᠲᠦᠪᠰᠢᠨ ᠳᠤ ᠪᠠᠶᠢᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠨᠡᠯᠢᠶᠡᠳ ᠶᠡᠭᠡ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠠᠮᠢᠳᠤᠷᠠᠯ ᠢ ᠦᠨᠡᠨ ᠬᠦ ᠪᠠᠲᠤᠯᠠᠵᠤ᠂ ᠣᠷᠣᠨ ᠰᠠᠭᠤᠴᠠ ᠶᠢᠨ ᠲᠠᠭᠠᠯᠠᠮᠵᠢᠲᠠᠶ ᠪᠠᠶᠢᠬᠤ ᠶᠢ ᠳᠡᠭᠡᠭᠰᠢᠯᠡᠭᠦᠯᠬᠦ ᠶᠢᠨ ᠲᠥᠯᠥᠭᠡ᠂ ᠰᠤᠳᠤᠯᠤᠨ ᠲᠣᠭᠲᠠᠭᠠᠬᠤ ᠪᠠᠷ ᠳᠡᠮᠵᠢᠨ᠂ ᠲᠣᠰ ᠳᠤᠯᠠᠭᠠᠯᠠᠭ᠎ᠠ ᠶᠢᠨ ᠤᠯᠠᠷᠢᠯ ᠤᠨ ᠳᠤᠯᠠᠭᠠᠯᠠᠭ᠎ᠠ ᠶᠢ ᠵᠣᠭᠰᠣᠭᠠᠬᠤ ᠴᠠᠭ ᠲᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄    ᠲᠣᠰ ᠳᠤᠯᠠᠭᠠᠯᠠᠭ᠎ᠠ ᠶᠢᠨ ᠤᠯᠠᠷᠢᠯ ᠳᠤ ᠤᠤᠯ ᠨᠢ 4 ᠳ᠋ᠦ᠋ᠭᠡᠷ ᠰᠠᠷ᠎ᠠ ᠶᠢᠨ 15 ᠤ ᠡᠳᠦᠷ ᠳᠤᠯᠠᠭᠠᠯᠠᠭ᠎ᠠ ᠪᠠᠨ ᠵᠣᠭᠰᠣᠭᠠᠵᠤ᠂ ᠣᠲᠣ 4 ᠳ᠋ᠦ᠋ᠭᠡᠷ ᠰᠠᠷ᠎ᠠ ᠶᠢᠨ 22 ᠤᠨ ᠡᠳᠦᠷ ᠪᠣᠯᠲᠠᠯ᠎ᠠ ᠤᠷᠲᠤᠳᠬᠠᠵᠤ᠂ ᠳᠤᠯᠠᠭᠠᠯᠠᠯᠭ᠎ᠠ ᠶᠢᠨ ᠬᠤᠭᠤᠴᠠᠭᠠᠨ ᠳᠤ ᠰᠠᠭᠤᠭᠠᠯᠢ ᠠᠷᠠᠳ ᠤᠨ ᠬᠡᠷᠡᠭᠯᠡᠭᠴᠢ ᠠᠴᠠ ᠶᠠᠮᠠᠷᠪᠠ ᠳᠤᠯᠠᠭᠠᠯᠠᠯᠭ᠎ᠠ ᠶᠢᠨ ᠰᠦᠢᠳᠬᠡᠯ ᠬᠤᠷᠢᠶᠠᠬᠤ ᠥᠬᠡᠶ᠃    ᠳᠤᠯᠠᠭᠠᠮᠵᠢ ᠶᠢ ᠵᠣᠭᠰᠣᠭᠠᠭᠰᠠᠨ ᠤ ᠳᠠᠷᠠᠭᠠᠬᠢ ᠠᠩᠬᠠᠷᠬᠤ ᠵᠦᠢᠯᠡᠰ ᠨᠢ ᠳᠣᠤᠷᠠᠬᠢ ᠮᠡᠲᠦ᠄ ᠳᠤᠯᠠᠭᠠᠮᠵᠢ ᠶᠢ ᠵᠣᠭᠰᠣᠭᠠᠭᠰᠠᠨ ᠤ ᠳᠠᠷᠠᠭ᠎ᠠ᠂ ᠢᠯᠴᠢ ᠮᠠᠭᠤᠳᠠᠬᠤ ᠪᠠ ᠳᠤᠯᠠᠭᠠᠮᠵᠢ ᠶᠢᠨ ᠰᠢᠯᠲᠠᠭᠠᠨ ᠠᠴᠠ ᠪᠣᠯᠵᠣ᠂ ᠳᠤᠯᠠᠭᠠᠮᠵᠢ ᠶᠢᠨ ᠬᠤᠭᠤᠯᠠᠶ ᠵᠢᠴᠢ ᠵᠠᠯᠭᠠᠳᠠᠰᠤ ᠨᠢ ᠤᠰᠤ ᠭᠤᠭᠤᠵᠢᠬᠤ ᠪᠠᠶᠢᠳᠠᠯ ᠭᠠᠷᠴᠤ᠂ ᠥᠷᠭᠡᠨ ᠣᠯᠠᠨ ᠬᠡᠷᠡᠭᠯᠡᠭᠴᠢᠳ ᠬᠡᠷ ᠲᠤ ᠪᠠᠨ ᠢᠯᠴᠢ ᠬᠠᠩᠭᠠᠬᠤ ᠲᠥᠬᠦᠭᠡᠷᠦᠮᠵᠢ ᠶᠢ ᠢᠯᠡᠭᠦᠬᠡᠨ ᠠᠩᠬᠠᠷᠤᠭᠠᠷᠠᠢ ᠭᠡᠵᠡᠢ᠃ ᠭᠡᠷ ᠲᠤ ᠪᠠᠨ ᠢᠯᠴᠢ ᠬᠠᠩᠭᠠᠬᠤ ᠲᠥᠬᠦᠭᠡᠷᠦᠮᠵᠢ ᠳᠤ ᠠᠰᠠᠭᠤᠳᠠᠯ ᠭᠠᠷᠪᠠᠯ᠂ 24 ᠴᠠᠭ ᠤᠨ ᠢᠯᠴᠢ ᠬᠠᠩᠭᠠᠬᠤ ᠦᠢᠯᠡᠴᠢᠯᠡᠭᠡᠨ ᠤ ᠤᠲᠠᠰᠤ ︵ᠢᠯᠴᠢ ᠬᠠᠩᠭᠠᠬᠤ ᠦᠢᠯᠡᠴᠢᠯᠡᠭᠡᠨ ᠤ ᠲᠥᠪ ᠤᠨ ᠬᠠᠯᠠᠮᠰᠢᠯ ᠤᠲᠠᠰᠤ᠄ 0474 - 4708538︶ ᠶᠢ ᠴᠠᠭ ᠲᠤᠬᠠᠶ ᠳᠤᠨᠢ ᠤᠲᠠᠰᠤᠳᠠᠵᠤ᠂ ᠪᠢᠳᠡ ᠲᠠᠨ ᠳᠤ ᠦᠨᠡᠨᠴᠢ ᠪᠠᠷ ᠦᠢᠯᠡᠴᠢᠯᠡᠨ᠎ᠡ᠃    ᠢᠯᠴᠢ ᠬᠠᠩᠭᠠᠬᠤ ᠠᠵᠢᠯ ᠢ ᠲᠠ ᠶᠡᠷᠦ ᠠᠴᠠ ᠣᠶᠢᠯᠠᠭᠠᠵᠤ᠂ ᠳᠡᠮᠵᠢᠵᠦ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ︕ ᠡᠭᠦᠨ ᠠᠴᠠ ᠪᠣᠯᠵᠤ ᠲᠠᠨ ᠳᠤ ᠳᠥᠭᠦᠮ ᠦᠭᠡᠢ ᠪᠣᠯᠭᠠᠭᠰᠠᠨ ᠲᠤᠯᠠ ᠠᠭᠤᠴᠢᠯᠠᠭᠠᠷᠠᠢ᠃    ᠵᠦᠸᠧᠽᠢ ᠰᠢᠶᠠᠨ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ ᠢᠯᠴᠢ ᠬᠠᠩᠭᠠᠬᠤ ᠬᠢᠵᠠᠭᠠᠷᠲᠤ ᠺᠣᠮᠫᠠᠨᠢ    2025 ᠣᠨ ᠤ 4 ᠰᠠᠷ᠎ᠠ ᠶᠢᠨ 14 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2