ᠵᠦᠸᠧᠽᠢ ᠰᠢᠶᠠᠨ᠄ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ︽ᠭᠡᠷ ᠲᠤᠨᠢ ᠬᠦᠷᠭᠡᠬᠦ︾ ᠦᠢᠯᠡᠴᠢᠯᠡᠭᠡᠨ ᠤ ᠠᠵᠤ ᠠᠬᠤᠶᠢᠯᠠᠯ ᠤᠨ ︽ᠲᠢᠭ ᠵᠠᠶᠢᠲᠠᠢ ᠪᠠᠶᠢᠬᠤ︾ ᠠᠵᠢᠯᠯᠠᠭ᠎ᠠ  ᠶᠠᠪᠤᠭᠳᠠᠨ᠎ᠠ
ᠨᠡᠶᠢᠲᠡᠯᠡᠭᠰᠡᠨ ᠴᠠᠭ᠄
2025/4/2
    ᠠᠵᠤ ᠠᠬᠤᠶᠢᠯᠠᠯ ᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢᠨ ᠠᠰᠢᠭ ᠢ ᠠᠵᠤ ᠠᠬᠤᠶᠢᠯᠠᠯ ᠳᠤ ᠠᠰᠢᠭ ᠬᠦᠷᠲᠡᠭᠡᠬᠦ ︽ᠵᠢᠩᠬᠢᠨᠢ ᠮᠥᠩᠭᠦ︾ ᠪᠣᠯᠭᠠᠵᠤ᠂ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ ᠶᠤᠮ᠃ 3 ᠰᠠᠷ᠎ᠠ ᠶᠢᠨ 12 ᠤᠨ ᠡᠳᠦᠷ᠂ ᠵᠦᠸᠧᠽᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠠᠭᠠᠨᠴᠠᠪ ᠤᠨ ᠵᠦᠸᠧᠽᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠪᠠᠲᠤᠯᠠᠭ᠎ᠠ ᠶᠢᠨ ᠲᠥᠪ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠡᠶᠢᠭᠡᠮ ᠤᠨ ᠠᠵᠢᠯ ᠤᠨ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠦᠢᠯᠡᠳᠪᠦᠷᠢ ᠬᠤᠳᠠᠯᠳᠤᠭᠠᠨ ᠤ ᠪᠠᠩᠬᠢ ᠵᠡᠷᠭᠡ ᠨᠢᠭᠡᠴᠡ ᠪᠣᠯᠤᠨ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶᠢᠯᠠᠯ ᠳᠤ ᠭᠦᠨᠵᠡᠭᠡᠶᠢᠷᠡᠨ᠂ ︽ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠡᠬᠢ ᠪᠠᠶᠠᠯᠢᠭ ᠬᠦᠷᠭᠡᠬᠦ︾ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠥᠷᠨᠢᠭᠦᠯᠪᠡ᠃    ᠭᠡᠷᠡᠯ ᠵᠢᠷᠤᠭ    ᠠᠵᠢᠯᠯᠠᠭ᠎ᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠨᠠᠮ ᠤᠨ ᠡᠭᠦᠷ ᠤᠨ ᠪᠠᠶᠢᠭᠤᠯᠤᠯᠲᠠ᠂ ᠠᠵᠢᠯᠴᠢᠨ ᠡᠯᠰᠡᠵᠦ ᠬᠡᠷᠡᠭᠯᠡᠬᠦ᠂ ᠨᠡᠶᠢᠭᠡᠮ ᠤᠨ ᠳᠠᠭᠠᠳᠬᠠᠯ ᠤᠨ ᠲᠤᠰᠢᠶᠠᠬᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯᠲᠠᠨ ᠤ ᠡᠷᠬᠡ ᠠᠰᠢᠭ ᠢ ᠪᠠᠲᠤᠯᠠᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠭᠦᠨᠵᠡᠭᠡᠶ ᠰᠣᠯᠢᠯᠴᠠᠨ ᠶᠠᠷᠢᠯᠴᠠᠪᠠ᠃ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠤᠨ ᠲᠥᠷᠥ ᠶᠢᠨ ᠪᠣᠳᠣᠯᠭ᠎ᠠ ᠶᠢᠨ ᠪᠠᠯᠠᠶ ᠴᠡᠭ ᠢ ᠨᠠᠷᠢᠨ ᠣᠶᠢᠯᠠᠭᠠᠵᠤ᠂ ᠭᠠᠶᠢᠯᠢ ᠰᠦᠢᠳᠬᠡᠯ ᠤᠨ ᠬᠠᠷᠠᠭᠠᠯᠵᠠᠯ᠂ ᠡᠯᠧᠮᠧᠨ᠋ᠲ ᠤᠨ ᠪᠠᠲᠤᠯᠠᠭ᠎ᠠ᠂ ᠲᠦᠷᠦᠯ ᠵᠦᠢᠯ ᠭᠤᠶᠤᠴᠢᠯᠠᠨ ᠮᠡᠳᠡᠭᠦᠯᠬᠦ᠂ ᠪᠡᠯᠡ ᠮᠥᠩᠭᠦ ᠶᠢᠨ ᠪᠡᠯᠡ ᠬᠤᠷᠠᠮᠳᠤᠭᠤᠯᠬᠤ᠂ ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ ᠨᠡᠪᠲᠡᠷᠡᠭᠦᠯᠪᠡ᠃      ᠥᠪᠥᠷ ᠮᠣᠩᠭᠤᠯ ᠤᠨ ᠬᠤᠤ ᠶᠤᠸᠠᠨ ᠬᠢᠮᠢ ᠶᠢᠨ ᠠᠵᠤ ᠦᠢᠯᠡᠳᠪᠦᠷᠢ ᠶᠢᠨ ᠬᠠᠷᠢᠭᠤᠴᠠᠯᠭᠠᠲᠠᠨ ᠼᠤᠤ ᠶᠢᠨ ᠫᠢᠩ    ᠥᠩᠭᠡᠷᠡᠭᠰᠡᠨ ᠳᠤ ᠴᠥᠮ ᠪᠢᠳᠡᠨ ᠤ ᠵᠠᠰᠠᠭ ᠤᠨ ᠣᠷᠳᠣᠨ ᠳᠤ ᠣᠴᠢᠵᠤ ᠲᠥᠷᠥ ᠶᠢᠨ ᠪᠣᠳᠣᠯᠭ᠎ᠠ ᠡᠷᠢᠬᠦ᠂ ᠣᠲᠣ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠪᠢᠳᠡᠨ ᠤ ᠬᠡᠷᠡᠭᠴᠡᠭᠡ ᠪᠠ ᠬᠦᠴᠢᠷᠳᠡᠯ ᠢ ᠰᠣᠨᠣᠰᠴᠤ᠂ ᠪᠢᠳᠡᠨ ᠢ ᠬᠠᠪᠰᠤᠷᠤᠨ ᠠᠷᠭ᠎ᠠ ᠪᠤᠳᠤᠵᠤ ᠰᠢᠶ᠋ᠳᠪᠦᠷᠢᠯᠡᠭᠰᠡᠨ ᠠᠴᠠ ᠪᠢᠳᠡ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨ ᠣᠶᠢᠯᠠᠭᠠᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠣᠶᠢᠯᠠᠭᠠᠬᠤ ᠪᠠᠷ ᠲᠠᠮᠵᠢᠨ᠂ ᠬᠤᠶᠢᠰᠢᠳᠠ ᠶᠢᠨ ᠠᠵᠤ ᠦᠢᠯᠡᠰ ᠤᠨ ᠬᠥᠭᠵᠢᠯᠲᠡ ᠳᠤ ᠨᠡᠩ ᠢᠲᠡᠭᠡᠯ ᠲᠠᠢ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷ ᠲᠤᠨᠢ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠥᠭᠦᠮ ᠳᠥᠲᠡ᠂ ᠠᠰᠢᠭ ᠲᠤᠰᠠ ᠶᠢ ᠭᠦᠢᠴᠡᠳ ᠬᠦᠷᠲᠡᠭᠡᠵᠦ᠂ ᠪᠥᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃      ᠵᠦᠸᠧᠽᠢ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠠᠨ ᠵᠢᠩ    ᠪᠢᠳᠡ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠬᠠᠶᠢᠨ ᠰᠢᠨᠵᠢᠬᠦ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ᠂ ᠠᠵᠤ ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢ ᠥᠷᠭᠡᠳᠬᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠬᠢᠬᠦ ᠬᠥᠮᠦᠨ ᠲᠠᠢ ᠪᠣᠯᠪᠠᠴᠤ ᠬᠢᠬᠦ ᠬᠥᠮᠦᠨ ᠥᠬᠡᠶ︾ ᠪᠠᠶᠢᠬᠤ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠰᠦᠪᠡᠭᠴᠢᠯᠡᠨ ᠰᠢᠢᠳᠪᠦᠷᠢᠯᠡᠵᠦ᠂ ᠠᠵᠤ ᠠᠬᠤᠶᠢᠯᠠᠯ ᠢ ︽ᠬᠥᠮᠦᠨ︾ ᠲᠠᠢ ᠪᠠᠶᠢᠭᠠᠳ ᠬᠡᠷᠡᠭᠯᠡᠵᠦ ᠪᠣᠯᠬᠤ᠂ ᠠᠵᠢᠯ ᠡᠷᠢᠭᠰᠡᠳ ᠢ ︽ᠠᠵᠢᠯ ᠤᠨ ᠪᠠᠶᠢᠷᠢ ︾ ᠲᠠᠢ ᠪᠣᠯᠭᠠᠵᠤ᠂ ᠮᠠᠨ ᠤ ᠰᠢᠶᠠᠨ ᠢ ᠠᠵᠤ ᠠᠬᠤᠶᠢᠯᠠᠯ ᠤᠨ ᠬᠥᠭᠵᠢᠯᠲᠡ ᠶᠢᠨ ︽ᠰᠢᠮᠡᠳᠦ ᠬᠥᠷᠥᠰᠥ︾᠂ ᠠᠷᠠᠳ ᠤᠯᠠᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠪᠤᠶᠠᠨ ᠦᠢᠯᠡᠳᠬᠦ ᠶᠢᠨ ᠲᠥᠯᠥᠭᠡ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2