ᠵᠦᠸᠧᠽᠢ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠰᠦᠯᠵᠢᠶᠡᠨ ᠳᠡᠭᠡᠷ᠎ᠡ ᠰᠤᠷᠪᠤᠯᠵᠢᠯᠠᠪᠠ
ᠨᠡᠶᠢᠲᠡᠯᠡᠭᠰᠡᠨ ᠴᠠᠭ᠄
2025/4/2
    ᠬᠦᠨᠳᠦᠲᠦ ᠵᠤᠴᠢᠳ ᠤᠨ ᠵᠦᠸᠧᠽᠢ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠳᠠᠷᠤᠭ᠎ᠠ ᠸᠠᠩ ᠸᠠᠨ ᠳ᠋ᠦᠩ    ᠮᠠᠨ ᠤ ᠲᠣᠪᠴᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠬᠦᠴᠦ ᠨᠡᠮᠡᠷᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠨ᠎ᠠ᠃    ᠬᠥᠲᠥᠯᠥᠭᠴᠢ᠄ ᠥᠨᠥᠳᠦᠷ ᠪᠢᠳᠡ ᠮᠠᠰᠢ ᠠᠵᠠ ᠵᠠᠪᠰᠢᠶᠠᠨ ᠢᠶᠠᠷ ᠵᠦᠸᠧᠽᠢ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠲᠣᠪᠴᠢᠶᠠᠨ ᠳᠠᠷᠤᠭ᠎ᠠ ᠸᠠᠩ ᠷᠧ ᠳ᠋ᠦᠩ ᠳᠤ ᠬᠦᠷᠴᠦ ᠰᠤᠷᠪᠤᠯᠵᠢᠯᠠᠭ᠎ᠠ ᠬᠦᠯᠢᠶᠡᠪᠡ᠃ ᠸᠠᠩᠲᠤ ᠲᠣᠪᠴᠢᠶ᠎ᠠ᠂ ᠲᠠ ᠰᠠᠶᠢᠨ ᠤᠤ︕ ᠲᠠ ᠨᠠᠨᠳᠢᠨ ᠴᠠᠭ ᠭᠠᠷᠭᠠᠵᠤ ᠮᠠᠨ ᠤ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠲᠦᠯ ᠢᠶᠠᠷ ᠲᠠᠯᠠᠷᠬᠠᠵᠤ ᠪᠠᠢᠨ᠎ᠠ᠃ ᠥᠨᠥᠳᠦᠷ ᠲᠠᠨ ᠲᠠᠢ ᠰᠣᠯᠢᠯᠴᠠᠭ᠎ᠠ ᠪᠠᠷ ᠳᠠᠮᠵᠢᠨ᠂ ᠣᠯᠠᠨ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠠᠵᠢᠯ ᠢ ᠨᠠᠩ ᠭᠦᠨᠵᠡᠭᠡᠶ ᠣᠶᠢᠯᠠᠭᠠᠭᠤᠯᠬᠤ ᠶᠢ ᠬᠦᠰᠡᠵᠦ ᠪᠠᠶᠢᠨ᠎ᠠ᠃    ᠸᠠᠩ ᠪᠤᠤ ᠳ᠋ᠦᠩ᠄ ᠬᠥᠲᠥᠯᠦᠭᠴᠢ ᠰᠠᠢᠨ︕ ᠪᠦᠭᠦᠳᠡᠭᠡᠷ ᠰᠠᠶᠢᠨ︕    ᠬᠥᠲᠥᠯᠥᠭᠴᠢ᠄ ᠸᠠᠩ ᠤᠨ ᠲᠣᠪᠴᠢᠶ᠎ᠠ᠂ ᠡᠩ ᠲᠡᠷᠢᠭᠦᠨ ᠳᠤ ᠲᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠦᠨᠳᠦᠰᠦᠨ ᠠᠵᠢᠯ ᠢ ᠳᠥᠭᠦᠮ ᠢᠶᠠᠷ ᠲᠠᠨᠢᠯᠴᠠᠭᠤᠯᠤᠶ᠎ᠠ᠃    ᠸᠠᠩ ᠯᠢᠩ ᠳ᠋ᠦᠩ᠄ ᠮᠠᠨ ᠤ ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠬᠡᠷᠡᠭ ᠤᠨ ᠳᠤᠮᠳᠠ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠲᠦᠷᠦᠯ ᠤᠨ ᠬᠠᠮᠢᠶᠠᠷᠤᠯᠲᠠ᠂ ᠡᠨᠧᠷᠭᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠮᠡᠷᠭᠡᠵᠢᠯ ᠤᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠠᠵᠢᠯ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃    ᠬᠥᠲᠥᠯᠦᠭᠴᠢ ᠰᠣᠨᠣᠰᠬᠤᠯᠠᠷ ᠠᠵᠢᠯ ᠤᠨ ᠠᠭᠤᠯᠭ᠎ᠠ ᠡᠯᠪᠡᠭ᠂ ᠴᠢᠬᠤᠯᠠ ᠰᠢᠦ᠃ ᠠᠵᠤ ᠦᠢᠯᠡᠳᠪᠦᠷᠢ ᠶᠢᠨ ᠠᠵᠤ ᠠᠬᠤᠶ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠰᠡᠳᠬᠢᠯ ᠢ ᠴᠢᠩᠭᠠᠷᠠᠭᠤᠯᠬᠤ ᠡᠳ᠋ ᠮᠥᠨ᠂ ᠲᠡᠷᠡ ᠨᠢ ᠥᠩᠭᠡᠷᠡᠭᠰᠡᠨ ᠤ ᠨᠢᠭᠡ ᠬᠤᠭᠤᠴᠠᠭᠠᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠲᠣᠰ ᠰᠢᠶᠠᠨ ᠤ ᠠᠵᠤ ᠦᠢᠯᠡᠳᠪᠦᠷᠢ ᠶᠢᠨ ᠬᠦᠷᠢᠶᠡᠨ ᠤ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠨᠡᠯᠢᠶᠡᠳ ᠢᠯᠡᠷᠬᠡᠶ ᠦᠷ᠎ᠡ ᠪᠦᠲᠦᠭᠡᠯ ᠣᠯᠤᠭᠰᠠᠨ ᠪᠣᠶ︖    ᠸᠠᠩ ᠯᠢᠩ ᠳ᠋ᠦᠩ᠄ ᠮᠠᠨ ᠤ ᠰᠢᠶᠠᠨ ᠪᠣᠬᠢᠷᠲᠤᠯ ᠦᠭᠡᠢ ᠦᠢᠯᠡᠳᠪᠦᠷᠢ ᠶᠢ 3 ᠵᠥᠪᠰᠢᠶᠡᠷᠡᠭᠳᠡᠵᠦ᠂ ᠢ ᠳ᠋ᠦᠩ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢᠨ ᠠᠵᠤ ᠠᠬᠤᠶᠢᠯᠠᠯ ᠢ ᠬᠦᠷᠲᠡᠪᠡ︔ ᠲᠢᠶᠠᠨ ᠪᠦᠦ ᠬᠠᠶᠢᠯᠤᠰᠢ ᠶᠢᠨ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢ ᠬᠦᠷᠲᠡᠪᠡ︔ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠬᠤᠲᠠ ᠶᠢᠨ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢ ᠬᠦᠷᠲᠡᠵᠦ᠂ ᠬᠤᠶᠠᠷ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠳᠤ ᠳᠠᠮᠵᠢᠭᠤᠯᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠵᠦ᠂ ᠦᠯᠡᠳᠡᠪᠦᠷᠢ ᠬᠡᠢ ᠶᠢᠨ ᠦᠯᠡᠳᠡᠪᠦᠷᠢ ᠢᠯᠴᠢ ᠶᠢ ᠪᠦᠬᠦᠨ ᠢ ᠡᠭᠡᠭᠦᠯᠦᠨ ᠠᠰᠢᠭᠯᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠲᠤᠰᠬᠠᠶ ᠪᠡᠯᠡ ᠮᠥᠩᠭᠦ ᠶᠢ ᠬᠦᠷᠲᠡᠵᠦ᠂ ᠡᠭᠦᠨ ᠳᠤ ᠲᠢᠶᠠᠨ ᠪᠦᠦ ᠺᠣᠮᠫᠠᠨᠢ 207 ᠲᠦᠮᠡᠨ ᠲᠥᠭᠦᠷᠢᠭ᠂ ᠵᠢᠤᠢ ᠰᠢᠶᠠᠨ ᠺᠣᠮᠫᠠᠨᠢ 120 ᠲᠦᠮᠡᠨ ᠲᠥᠭᠦᠷᠢᠭ ᠣᠯᠪᠠ᠃ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠤᠰᠤ ᠠᠷᠪᠢᠯᠠᠬᠤ ᠲᠥᠷᠥᠯ ᠵᠦᠢᠯ ︵ᠭᠠᠳᠠᠭᠰᠢᠯᠠᠭᠤᠯᠬᠤ ᠥᠬᠡᠶ ᠲᠥᠷᠥᠯ ᠵᠦᠢᠯ︶ ᠨᠢ ᠨᠢᠭᠡᠨᠲᠡ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ᠂ ᠰᠦᠯᠵᠢᠶᠡᠨ ᠳᠡᠭᠡᠷ᠎ᠡ ᠬᠢᠨᠠᠨ ᠰᠢᠯᠭᠠᠷᠠᠭᠤᠯᠬᠤ ᠪᠠᠷ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠵᠤ᠂ ᠣᠳᠣᠬᠠᠨ ᠳᠤ ᠵᠠᠷᠯᠠᠨ ᠨᠡᠶᠢᠲᠡᠯᠡᠬᠦ ᠱᠠᠲᠤ ᠦᠶ᠎ᠡ ᠶᠢ ᠬᠦᠯᠢᠶᠡᠵᠦ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ 16 ᠠᠵᠤ ᠦᠢᠯᠡᠳᠪᠦᠷᠢ ᠶᠢᠨ ᠠᠵᠤ ᠠᠬᠤᠶᠢᠯᠠᠯ ᠰᠦᠯᠵᠢᠶᠡᠨ ᠳᠡᠭᠡᠷ᠎ᠡ ᠦᠨᠡᠯᠡᠨ ᠵᠢᠱᠢᠵᠦ ᠣᠨᠣᠰᠢᠯᠠᠬᠤ ᠳᠤ ᠣᠷᠣᠯᠴᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠦᠨᠡᠯᠡᠨ ᠵᠢᠱᠢᠵᠦ ᠣᠨᠣᠰᠢᠯᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠡᠭᠦᠨ ᠳᠤ 4 ᠠᠵᠤ ᠠᠬᠤᠶᠢᠯᠠᠯ ᠨᠢ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ ᠡᠭᠦᠨ ᠳᠤ 2 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠦᠨᠡᠯᠡᠭᠳᠡᠪᠡ᠃ 3 ᠲᠡᠮᠦᠷ ᠤᠨ ᠬᠠᠢᠯᠤᠱᠢ ᠶᠢᠨ ᠠᠵᠤ ᠠᠬᠤᠢᠯᠠᠯ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠤ ᠬᠢᠨᠠᠨ ᠦᠨᠡᠯᠡᠯᠲᠡ ᠶᠢ ᠪᠡᠶᠡᠯᠡᠭᠦᠯᠪᠡ᠃    ᠬᠥᠲᠥᠯᠥᠭᠴᠢ᠄ ᠬᠤᠳᠠᠯᠳᠤᠭᠠᠨ ᠤ ᠶᠠᠪᠤᠳᠠᠯ ᠤᠨ ᠲᠠᠯ᠎ᠠ ᠪᠠᠷ᠂ ᠥᠩᠭᠡᠷᠡᠭᠰᠡᠨ ᠤ ᠠᠵᠢᠯ ᠤᠨ ᠳᠤᠮᠳᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠᠰᠠ ᠴᠥᠭᠡᠨ ᠪᠤᠰᠤ ᠦᠷ᠎ᠡ ᠪᠦᠲᠦᠭᠡᠯ ᠪᠠ ᠬᠢᠯᠠᠰ ᠴᠡᠭ ᠢ ᠣᠯᠵᠠᠶ᠂ ᠸᠠᠩ ᠲᠣᠪᠴᠢᠶ᠎ᠠ ᠲᠠᠨ ᠢ ᠬᠤᠪᠢᠶᠠᠯᠴᠠᠵᠤ ᠪᠣᠯᠤᠨ᠎ᠠ ᠤᠤ ᠦᠭᠡᠢ ᠤᠤ︖    ᠸᠠᠩ ᠼᠠᠢ ᠳ᠋ᠦᠩ᠄ 2024 ᠣᠨ ᠳᠤ ᠮᠠᠨ ᠤ ᠰᠢᠶᠠᠨ ᠤ ᠨᠡᠶᠢᠭᠡᠮ ᠤᠨ ᠬᠡᠷᠡᠭᠯᠡᠭᠡᠨ ᠤ ᠶᠡᠷᠦᠩᠬᠡᠢ ᠬᠠᠨᠳᠤᠰᠢ ᠢᠳᠡᠪᠬᠢ ᠪᠠᠶᠢᠳᠠᠯ ᠲᠠᠢ ᠪᠣᠯᠵᠤ᠂ 1 - 11 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 8.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃ ᠡᠨᠡ ᠵᠢᠯ ᠤᠷᠢᠳ ᠬᠤᠵᠢᠳ ᠣᠯᠠᠨ ᠤᠳᠠᠭ᠎ᠠ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠴᠢᠮᠡᠭᠯᠡᠯ ᠤᠨ ᠲᠣᠭᠤᠭᠠᠨ ᠬᠡᠷ ᠤᠨ ᠠᠷᠢᠭᠤᠨ ᠴᠡᠪᠡᠷ ᠤᠨ ᠠᠵᠢᠯᠯᠠᠭ᠎ᠠ ᠥᠷᠨᠢᠭᠦᠯᠵᠦ᠂ ᠡᠴᠦᠰ ᠲᠡᠭᠡᠨ 189.77 ᠲᠦᠮᠡᠨ ᠲᠥᠭᠦᠷᠢᠭ ᠤᠨ ᠨᠥᠬᠦᠪᠥᠷᠢ ᠥᠭᠴᠦ᠂ 1052 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠡᠭᠦᠨ ᠤ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠰᠠᠶᠢᠲᠤᠷ ᠪᠡᠶᠡᠯᠡᠭᠦᠯᠬᠦ ᠶᠢᠨ ᠲᠥᠯᠥᠭᠡ᠂ ︽ᠵᠢᠷᠭᠤᠭᠠᠨ ︽ᠪᠤᠶᠢᠵᠢᠭᠤᠯᠬᠤ ᠲᠥᠯᠥᠪᠯᠡᠭᠡ︾ ᠶᠢᠨ ᠮᠠᠨ ᠤ ᠲᠤᠪᠴᠢᠶ᠎ᠠ ᠤᠷᠢᠳ ᠬᠤᠵᠢᠳ 4 ᠤᠳᠠᠭ᠎ᠠ ᠪᠡᠭᠡᠵᠢᠩ ᠳᠤ ᠬᠦᠷᠴᠦ ᠤᠲᠤᠮᠠᠯ ᠲᠠᠬᠢᠶ᠎ᠠ ᠶᠢ ᠪᠡᠭᠡᠵᠢᠩ ᠳᠤ ᠣᠷᠣᠭᠤᠯᠤᠨ ᠵᠣᠯᠭᠠᠭᠤᠯᠵᠤ᠂ ᠬᠡᠰᠡᠭ ᠲᠠᠷᠢᠶᠠᠯᠠᠩ ᠤᠨ ᠣᠨᠴᠠ ᠭᠠᠷᠤᠯᠲᠠ ᠨᠢᠭᠡᠨᠲᠡ ᠪᠡᠭᠡᠵᠢᠩ ᠬᠤᠲᠠ ᠶᠢᠨ ᠵᠢᠩ ᠺᠧ ᠯᠦᠩ ᠬᠡᠲᠦ ᠳᠡᠯᠭᠡᠭᠦᠷ᠂ ᠤᠯᠠᠭᠠᠨᠴᠠᠪ ᠤᠨ ᠲᠣᠮᠣ ᠠᠰᠠᠷ᠂ ᠥᠪᠥᠷ ᠮᠣᠩᠭᠤᠯ ᠤᠨ ᠲᠣᠮᠣ ᠠᠰᠠᠷ ᠵᠡᠷᠭᠡ ᠳᠤ ᠣᠷᠣᠵᠤ ᠢᠷᠡᠪᠡ᠃ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠤᠬᠠᠭᠤᠯᠭ᠎ᠠ ᠰᠣᠶᠣᠯ ᠤᠨ ᠲᠥᠪ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠤᠬᠠᠭᠤᠯᠭ᠎ᠠ ᠶᠢᠨ ᠪᠣᠳᠠᠰ ᠢ ᠪᠠᠭᠤᠳᠠᠯ᠂ ᠵᠢᠭᠤᠯᠴᠢᠯᠠᠯ ᠤᠨ ᠭᠠᠵᠠᠷ᠂ ᠬᠤᠭᠤᠯᠠᠨ ᠬᠡᠷ ᠵᠡᠷᠭᠡ ᠳᠤ ᠬᠤᠪᠢᠶᠠᠨ ᠥᠭᠴᠦ᠂ ᠪᠡᠭᠡᠵᠢᠩ ᠳᠤ ᠪᠠᠶᠢᠭ᠎ᠠ ᠨᠠᠩ ᠣᠯᠠᠨ ᠬᠡᠷᠡᠭᠯᠡᠭᠴᠢᠳ ᠲᠤ ᠳᠡᠯᠭᠡᠨ ᠦᠵᠡᠭᠦᠯᠵᠦ᠂ ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃    ᠬᠥᠲᠥᠯᠦᠭᠴᠢ᠄ ᠬᠠᠮᠤᠭ ᠰᠡᠭᠦᠯ ᠳᠤ᠂ ᠸᠠᠩ ᠤᠨ ᠲᠣᠪᠴᠢᠶ᠎ᠠ ᠠᠴᠠ ᠤᠷᠢᠵᠤ ᠪᠠᠷᠠᠭᠠᠯ ᠠᠶ᠎ᠠ ᠭᠡᠵᠦ ᠪᠣᠳᠣᠵᠤ ᠪᠠᠢᠨ᠎ᠠ᠂ 2025 ᠣᠨ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠠᠵᠢᠯ ᠤᠨ ᠲᠥᠯᠥᠪᠯᠡᠭᠡ ᠶᠢᠨ ᠲᠤᠬᠠᠢ ᠶᠠᠷᠢᠪᠠ᠃    ᠸᠠᠩ ᠡᠬᠢᠯᠡ ᠬᠦ᠄ 2025 ᠣᠨ ᠳᠤ ᠪᠢᠳᠡ ᠦᠷᠭᠦᠯᠵᠢᠯᠡᠨ ᠴᠢᠨᠠᠷ ᠰᠠᠢᠲᠠᠢ ᠬᠥᠭᠵᠢᠯᠲᠡ ᠶᠢᠨ ᠡᠨᠡ ᠬᠦ ᠭᠤᠣᠯ ᠬᠠᠷᠠᠯᠲᠠ ᠳᠤ ᠠᠩᠬᠠᠷᠤᠯ ᠢᠶᠠᠨ ᠬᠠᠨᠳᠤᠭ ᠤᠯᠤᠶ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠪᠠᠶᠢᠬᠤ ᠦᠨᠳᠦᠰᠦᠨ ᠪᠠᠶᠢᠳᠠᠯ ᠢ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠣᠯᠭᠠᠨ ᠥᠭᠡᠷᠡᠴᠢᠯᠡᠬᠦ᠂ ᠡᠨᠧᠷᠭᠢ ᠠᠷᠪᠢᠯᠠᠵᠤ ᠤᠰᠤ ᠠᠷᠪᠢᠯᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ ᠠᠵᠤ ᠦᠢᠯᠡᠰ ᠤᠨ ᠲᠣᠭᠠᠴᠢᠯᠠᠯᠲᠠ᠂ ᠤᠶᠤᠨᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠭᠦᠨᠵᠡᠭᠡᠶ ᠠᠬᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠡᠯ᠎ᠡ ᠲᠥᠷᠥᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠡᠷᠡᠭᠯᠡᠭᠡᠨ ᠤ ᠵᠦᠢᠯᠡᠰ ᠢ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠂ ᠬᠠᠩᠭᠠᠯᠭ᠎ᠠ ᠶᠢ ᠪᠠᠲᠤᠯᠠᠬᠤ ᠠᠷᠭ᠎ᠠ ᠵᠠᠮ ᠢ ᠰᠢᠯᠤᠭᠤᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠳᠠᠭᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠶᠡᠷᠦᠩᠬᠡᠶᠢᠯᠡᠪᠡᠯ᠂ ᠮᠠᠨ ᠤ ᠲᠣᠪᠴᠢᠶ᠎ᠠ ᠦᠷᠭᠦᠯᠵᠢᠯᠡᠨ ᠬᠦᠴᠦᠯᠡᠵᠦ᠂ ᠮᠠᠨ ᠤ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ᠂ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠥᠷᠨᠢᠩᠭᠦᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠮᠠᠨ ᠤ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃    ᠬᠥᠲᠥᠯᠥᠭᠴᠢ᠄ ᠸᠠᠩ ᠲᠣᠪᠴᠢᠶ᠎ᠠ ᠶᠢᠨ ᠲᠠᠨ ᠤ ᠥᠨᠥᠳᠦᠷ ᠤᠨ ᠨᠠᠷᠢᠨ ᠲᠣᠳᠣᠷᠬᠠᠶ ᠪᠥᠭᠡᠳ ᠲᠤᠰᠬᠠᠶ ᠮᠡᠷᠭᠡᠵᠢᠯ ᠤᠨ ᠬᠠᠷᠢᠭᠤᠯᠲᠠ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠦᠨᠳᠦᠰᠦᠨ ᠪᠠᠶᠢᠳᠠᠯ ᠢ ᠭᠦᠨᠵᠡᠭᠡᠶ ᠣᠶᠢᠯᠠᠭᠠᠭᠰᠠᠨ ᠪᠥᠭᠡᠳ ᠲᠠᠷᠠᠭᠠᠴᠢ ᠶᠢᠨ ᠤᠳᠠᠭ᠎ᠠ ᠲᠠᠨ ᠲᠠᠢ ᠳᠠᠬᠢᠨ ᠰᠠᠨᠠᠯ ᠢᠶᠠᠨ ᠰᠣᠯᠢᠯᠴᠠᠬᠤ ᠶᠢ ᠬᠦᠰᠡᠵᠦ ᠪᠠᠶᠢᠨ᠎ᠠ᠃ ᠳᠠᠬᠢᠨᠲᠠ ᠲᠠᠯᠠᠷᠬᠠᠵᠤ ᠪᠠᠶᠢᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2