ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 3 ᠰᠠᠷ᠎ᠠ ᠶᠢᠨ 31 ᠤ ᠡᠳᠦᠷ ᠬᠤᠷᠠᠯ | ᠬᠤᠷᠠᠯᠳᠤᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ᠠᠵᠢᠯ ᠤᠨ ᠳᠦᠷᠢᠮ︾᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠵᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠣᠯ | ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠠᠷᠭ᠎ᠠ | ᠬᠡᠮᠵᠢᠶ᠎ᠡ ᠮᠥᠨ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠠᠴᠠ ᠭᠠᠷᠳᠠᠵᠤ᠂ ᠠᠮᠢ ᠠᠬᠤᠢ ᠣᠷᠴᠢᠨ ᠲᠣᠭᠤᠷᠢᠨ ᠢ | ᠡᠪᠳᠡᠭᠰᠡᠨ ᠨᠢᠭᠡ ᠪᠦᠯᠦᠭ ᠴᠢᠬᠤᠯᠠ ᠶᠡᠭᠡ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠠᠳ ᠣᠯᠠᠨ ᠤ | ᠲᠤᠰᠬᠠᠯ ᠢᠶᠠᠷ ᠴᠢᠩᠭ᠎ᠠ ᠪᠠᠶᠢᠭ᠎ᠠ ᠨᠢᠭᠡ ᠪᠦᠯᠦᠭ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠰᠠᠶᠢᠨ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ | ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ | ᠬᠡᠷᠡᠭᠲᠡᠢ᠃ ᠬᠠᠷᠢᠭᠤᠴᠠᠯᠭ᠎ᠠ ᠶᠢᠨ ᠳᠦᠷᠢᠮ ᠭᠡᠬᠦ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ᠂ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠵᠣᠷᠢᠭᠲᠠᠢ ᠪᠠᠷ | ᠬᠠᠲᠠᠭᠤ ᠲᠠᠢ ᠨᠢ ᠬᠠᠯᠳᠠᠵᠤ᠂ ᠦᠷᠭᠦᠯᠵᠢᠯᠡᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠨᠠᠷᠢᠨ ᠬᠢᠨᠠᠮᠠᠭᠠᠢ | ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠰᠤᠷᠲᠠᠯ ᠰᠠᠬᠢᠯᠭ᠎ᠠ | ᠪᠠᠲᠤ ᠶᠢ ᠴᠢᠩᠳᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠬᠤ | ᠳᠤᠭᠤᠶᠢᠯᠠᠩ ᠲᠥᠪ ᠤᠨ ᠪᠠ ᠲᠦᠷᠦ ᠶᠢᠨ ᠬᠡᠰᠡᠭ ᠪᠠᠶᠢᠭᠤᠯᠭ᠎ᠠ ᠨᠢᠭᠡᠴᠢ ᠳᠤ ᠲᠣᠭᠤᠷᠢᠨ ᠪᠠᠶᠢᠴᠠᠭᠠᠯᠲᠠ ᠥᠷᠨᠢᠭᠦᠯᠵᠦ᠂ | ᠵᠠᠷᠢᠮ ᠠᠰᠠᠭᠤᠳᠠᠯ ᠢ ᠢᠯᠡᠷᠡᠭᠦᠯᠪᠡ᠂ ᠴᠡᠭᠴᠡᠯᠡᠨ ᠰᠠᠶᠢᠵᠢᠷᠠᠭᠤᠯᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ | ᠠᠳᠬᠤᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠵᠦ ᠲᠥᠯᠥᠪᠯᠡᠭᠡ᠂ ᠶᠡᠷᠦᠩᠬᠡᠢ | ᠲᠥᠯᠦᠪᠵᠢᠭᠦᠯᠭᠡ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠡᠷᠡᠰ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠦᠢᠯᠡᠳᠬᠦ᠂ | ᠠᠵᠢᠯ ᠬᠢᠬᠦ ᠦᠭᠡᠢ᠂ ᠬᠢᠬᠦ ᠵᠣᠷᠢᠭ ᠦᠭᠡᠢ᠂ ᠬᠢᠬᠦ ᠳᠡᠭᠡᠨ ᠴᠢᠳᠠᠮᠠᠭᠠᠢ ᠪᠤᠰᠤ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠶᠢ ᠪᠠᠶᠢᠩᠭᠤᠵᠢᠭᠤᠯᠬᠤ ᠬᠡᠷᠡᠭᠲᠡᠢ᠃ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ 2025 ᠣᠨ ᠪᠣᠯ ᠲᠣᠭᠤᠷᠢᠨ | ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ | ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠯᠲᠠ ᠲᠠᠯᠪᠢᠬᠤ | ᠭᠤᠣᠯᠳᠠᠯᠭ᠎ᠠ ᠪᠠᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠴᠢᠩᠭ᠎ᠠ ᠪᠠᠶᠢᠬᠤ ᠭᠦᠭ ᠠᠶᠠᠰ ᠢ | ᠪᠠᠷᠢᠮᠲᠠᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠡᠲᠡᠭᠡᠳ ᠢ ᠴᠢᠩᠭ᠎ᠠ | ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ | ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ | ᠲᠣᠭᠤᠷᠢᠨ ᠪᠠᠶᠢᠴᠠᠭᠠᠯᠲᠠ ᠪᠠ ᠪᠤᠰᠤᠳ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ | ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ | ᠦᠨᠡᠨ ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠬᠠᠤᠯᠢ ᠪᠠᠷ ᠵᠠᠰᠠᠬᠤ ᠤᠬᠠᠮᠰᠠᠷ ᠢ | ᠴᠢᠩᠭᠠᠳᠬᠠᠵᠤ᠂ ᠳᠣᠲᠣᠭᠠᠳᠤ ᠶᠢᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |