ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠡᠳᠦᠷ | ᠬᠡᠪᠯᠡᠭᠳᠡᠬᠦ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ᠂ 2035 ᠣᠨ ᠪᠤᠯᠳᠠᠯ᠎ᠠ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ | ᠲᠣᠭᠲᠠᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ | ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠢ ᠬᠥᠭᠵᠢᠭᠦᠯᠬᠦ | ᠦᠢᠯᠡᠳᠦᠯᠭᠡ ᠳᠤᠮᠳᠠ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ᠃ ᠡᠭᠦᠨ ᠳᠤ ᠭᠤᠣᠯᠳᠠᠭᠤ᠄ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠭᠡᠭᠡᠯᠲᠡ | ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ᠃ ᠡᠳᠡᠭᠡᠷ ᠲᠤᠷᠰᠢᠯᠭ᠎ᠠ ᠪᠣᠯ | ᠲᠦᠢᠯ ᠤᠨ ᠡᠷᠬᠢᠮ ᠨᠠᠨᠳᠢᠨ ᠶᠤᠮ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠶᠢᠨ ᠬᠠᠮᠲᠤ᠂ ᠦᠢᠯᠡᠳᠦᠯᠭᠡ ᠶᠢᠨ | ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ᠃ | ᠡᠷᠬᠡᠪᠰᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ | ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ᠂ 2035 ᠣᠨ ᠪᠤᠯᠳᠠᠯ᠎ᠠ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠲᠥᠰᠥᠪᠯᠡᠬᠦ ᠪᠠᠨ | ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ ᠦᠨᠳᠦᠰᠦᠨ ᠡᠯᠧᠮᠧᠨ᠋ᠲ ᠢ ᠪᠦᠷᠢᠯᠳᠦᠭᠦᠯᠬᠦ | ᠬᠡᠷᠡᠭᠲᠡᠢ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ | ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ ᠪᠣᠯᠭᠠᠨ᠎ᠠ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ | ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠴᠢᠳᠠᠪᠤᠷᠢ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠣᠨ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠦᠴᠦᠲᠡᠢ ᠲᠤᠯᠭᠠᠭᠤᠷᠢᠯᠠᠨ᠎ᠠ᠃ ᠭᠤᠷᠪᠠ ᠳᠤ ᠬᠦᠴᠦᠷᠬᠡᠭ ᠶᠡᠭᠡ | ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠪᠠᠶᠢᠵᠤ᠂ ᠳᠡᠯᠡᠬᠡᠢ ᠶᠢᠨ ᠴᠢᠬᠤᠯᠠ | ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠨ᠎ᠠ᠃ ᠳᠥᠷᠪᠡ ᠳᠤ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ | ᠶᠡᠭᠡ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠣᠷᠦ᠋ᠢᠯᠠᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠰᠢᠨ᠎ᠡ ᠶᠢ | ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ | ᠵᠢᠭᠠᠵᠤ ᠭᠠᠷᠭᠠᠪᠠ᠃ ᠵᠣᠬᠢᠶᠠᠯ ᠳᠤ᠂ ︽ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠪᠠᠲᠤ ᠵᠣᠷᠢᠭ ᠪᠣᠯᠣᠨ ᠬᠠᠳᠠᠨ | ᠵᠣᠷᠢᠭ ᠢᠶᠠᠷ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ | ᠪᠡᠶᠡᠯᠡᠭᠦᠯᠬᠦ ᠬᠡᠷᠡᠭᠲᠡᠢ᠃ ᠨᠢᠭᠡᠳᠦᠭᠡᠷ ᠲᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ | ᠲᠠᠯ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ | ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ | ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ | ᠨᠡᠮᠡᠷᠢᠯᠡᠬᠦ ᠬᠡᠷᠡᠭᠲᠡᠢ᠃ ᠠᠭᠤᠰᠤᠯᠴᠠᠬᠤ ᠶᠢᠨ ᠰᠠᠭᠤᠷᠢ ᠨᠢ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ | ᠪᠣᠯᠣᠨ᠎ᠠ᠂ ᠠᠭᠤᠰᠤᠯᠴᠠᠬᠤ ᠶᠢᠨ ᠠᠷᠭ᠎ᠠ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ | ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ | ᠪᠦᠰᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠰᠢᠰᠲ᠋ᠧᠮ ᠪᠠ | ᠬᠢᠨᠠᠨ ᠰᠢᠯᠭᠠᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠱᠠᠩᠨᠠᠯ | ᠂ ᠣᠷᠣᠯᠭ᠎ᠠ ᠶᠢᠨ ᠬᠤᠪᠢᠶᠠᠷᠢᠯᠠᠯᠲᠠ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ | ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ ᠤ | ᠥᠷᠢᠰᠦᠯᠳᠦᠭᠡᠨ ᠤ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠡᠪᠴᠢᠶ᠎ᠡ ᠪᠠᠷ ᠯᠤᠲᠤ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ | ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ | ᠬᠥᠮᠥᠵᠢᠭᠦᠯᠬᠦ ᠶᠢ ᠲᠤᠪᠤᠶᠢᠯᠭᠠᠬᠤ ᠬᠡᠷᠡᠭᠲᠡᠢ᠃ ᠲᠠᠪᠤᠳᠤᠭᠠᠷ ᠲᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠭᠦ | ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠢᠳᠡᠪᠬᠢᠲᠡᠢ ᠠᠭᠤᠰᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ | ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ | ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠤᠯᠤᠰ ᠤᠨ ᠬᠠᠮᠲᠤ ᠶᠢᠨ | ᠬᠠᠷᠢᠭᠤᠴᠠᠯᠭ᠎ᠠ ᠮᠥᠨ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠡᠷᠴᠢ ᠵᠣᠷᠢᠭ ᠢᠶᠠᠨ ᠭᠦᠢᠴᠡᠳ | ᠬᠥᠪᠴᠢᠯᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠦᠯᠬᠦᠮᠳᠡᠨ ᠲᠡᠮᠡᠴᠡᠵᠦ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ | ᠬᠡᠷᠡᠭᠲᠡᠢ︕ ᠭᠡᠵᠦ ᠵᠢᠭᠠᠵᠤ ᠭᠠᠷᠭᠠᠪᠠ᠃ |