ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠤᠤᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠵᠠᠢ ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠦᠤᠤᠷᠮᠦ᠋ ᠬᠠᠷᠢᠯᠴᠠᠨ ᠪᠠᠶᠠᠷ ᠤᠨ | ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ ᠲᠤᠮᠤ | ᠤᠯᠤᠰ ᠮᠥᠨ᠂ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠪᠦᠷᠢᠯᠳᠦᠬᠦᠨ ᠮᠦᠨ | ᠪᠠᠶᠢᠵᠤ᠂ ᠪᠦᠷ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ ᠬᠠᠨᠢᠲᠠᠨ ᠪᠤᠯᠵᠤ᠂ ︽ | ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ ᠬᠤᠶᠠᠷ | ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ | ᠭᠡᠳᠡᠭ ᠢ ᠳᠤᠮᠳᠠᠳᠤ ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠬᠠᠷᠠᠭᠤᠯᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ | ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠲᠤᠮᠤ ᠤᠯᠤᠰ ᠤᠨ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ | ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ ᠲᠦᠢᠯᠵᠢᠯᠲᠡ ᠪᠣᠯᠤᠨ ᠤᠯᠠᠨ | ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ ᠰᠢ ᠶᠢᠨ | ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠬᠤᠯᠠ | ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ | ᠳᠤᠮᠳᠠᠳᠤ ᠡᠨᠡᠳᠭᠡᠭ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ | ᠴᠢᠬᠤᠯᠠᠴᠢᠯᠠᠪᠠ᠃ ᠮᠦᠤᠤᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ | ᠪᠠᠶᠢᠵᠤ᠂ ᠪᠦᠬᠦ ᠪᠥᠮᠪᠥᠷᠴᠡᠭ ᠤᠨ ᠭᠤᠷᠪᠠᠨ ᠤ ᠨᠢᠭᠡ ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ | ᠪᠤᠯᠬᠤᠶᠢᠴᠠ ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠤᠨ ᠳᠡᠯᠡᠬᠡᠶ ᠳ᠋ᠠᠬᠢᠨ ᠳᠤ | ᠠᠵᠠ ᠵᠢᠷᠭᠠᠯ ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠪᠠᠷ ᠠᠵᠠ ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ | ᠬᠠᠮᠲᠤ ᠪᠠᠷ ᠠᠬᠢᠭᠤᠯᠤᠶ᠎ᠠ ᠭᠡᠵᠦ ᠢᠯᠡᠳᠭᠡᠪᠡ᠃ ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠢ ᠰᠠᠶᠢᠳ ᠮᠦᠤᠤᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ | ᠪᠤᠳᠤᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠬᠤᠶᠠᠷ ᠤᠯᠤᠰ ᠤᠨ | ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃ ᠮᠦᠤᠤᠳᠢ᠂ ᠡᠨᠡᠳᠭᠡᠭ ᠪᠣᠯᠤᠨ ᠳᠤᠮᠳᠠᠳᠤ ᠤᠯᠤᠰ | ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ ᠬᠥᠮᠦᠨ ᠲᠥᠷᠥᠯᠬᠢᠲᠡᠨ ᠤ ᠲᠡᠦᠬᠡ ᠶᠢ ᠡᠭᠦᠳᠦᠨ ᠪᠦᠲᠦᠭᠡᠬᠦ | ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ | ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ | ᠬᠥᠭᠵᠢᠯ ᠴᠡᠴᠡᠭᠯᠡᠯ ᠲᠣᠭᠲᠠᠭᠤᠨ ᠳᠤ ᠠᠰᠢᠭᠲᠠᠢ ᠪᠠᠷ ᠪᠠᠷᠠᠬᠤ ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ | ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠨᠢ | ᠬᠤᠶᠠᠷ ᠤᠯᠤᠰ ᠤᠨ ᠬᠠᠷᠢᠯᠴᠠᠭ᠎ᠠ ᠡᠷᠡᠭᠦᠯ ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠬᠤ ᠶᠢ ᠬᠦᠳᠦᠯᠦᠨ | ᠳᠠᠭᠠᠭᠤᠯᠬᠤ ᠪᠣᠯᠤᠨ᠎ᠠ ᠭᠡᠵᠦ ᠢᠯᠡᠳᠭᠡᠪᠡ᠃ | | | | |