ᠳ᠋ᠠ ᠢᠦᠶ ᠱᠤ᠋ ᠰᠢᠶᠠᠩ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/9
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠪᠠ ︽ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠥᠬᠦ ᠰᠢᠶᠠᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠬᠡᠷᠡᠭᠵᠢᠭᠦᠯᠬᠦ ᠲᠤᠬᠠᠶ ᠵᠠᠷᠯᠠᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠳ᠋ᠠ ᠢᠦᠶ ᠱᠤ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠬᠠᠤᠯᠢ ᠬᠡᠷᠡᠭᠵᠢᠭᠦᠯᠬᠦ ᠲᠣᠪᠴᠢᠶ᠎ᠠ ᠲᠡᠵᠢᠭᠡᠨ ᠦᠷᠡᠵᠢᠭᠦᠯᠬᠦ ᠡᠷᠦᠬᠡ ᠶᠢ ᠰᠤᠷᠪᠤᠯᠵᠢᠯᠠᠬᠤ ᠪᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠢᠭᠤᠷᠲᠠᠨ ᠲᠠᠶᠢᠯᠪᠤᠷᠢᠯᠠᠨ ᠲᠠᠷᠬᠠᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠳᠤ ᠬᠠᠷᠢᠭᠤᠴᠠᠯᠭ᠎ᠠ ᠡᠭᠦᠷᠭᠡ ᠪᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶ ᠲᠠᠶᠢᠯᠪᠤᠷᠢᠯᠠᠨ ᠥᠭᠴᠦ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠪᠣᠯᠭᠠᠨ ᠬᠤᠪᠢᠷᠠᠭᠤᠯᠵᠤ᠂ ᠠᠮᠢ ᠠᠬᠤᠶ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠦᠨᠡᠨ ᠬᠦ ᠤᠶᠢᠯᠠᠭᠠᠨ᠂ ᠠᠮᠢ ᠠᠬᠤᠶ ᠶᠢ ᠬᠠᠮᠠᠭᠠᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠲᠣᠪᠴᠢᠶ᠎ᠠ ᠲᠣᠰᠬᠤᠨ ᠤ ᠳᠣᠲᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠵᠠᠷᠯᠠᠯ ᠨᠠᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃                  ᠤᠷᠴᠢᠭᠤᠯᠤᠭᠴᠢ  ᠨᠠᠶᠢᠷᠠᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2