ᠵᠦᠸᠧᠽᠢ ᠰᠢᠶᠠᠨ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
     3 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠵᠦᠸᠧᠽᠢ ᠰᠢᠶᠠᠨ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠰᠦ᠋ ᠹᠦ᠋ ᠯᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠤᠸᠠᠨ ᠯᠢ ᠸᠧᠨ ᠬᠤᠷᠠᠯ ᠳᠤ ᠣᠷᠣᠯᠴᠠᠪᠠ᠃ ᠰᠦ᠋ ᠹᠦ᠋ ᠯᠢᠶᠠᠩ ᠬᠤᠷᠠᠯ ᠢ ᠡᠷᠭᠢᠯᠡᠪᠡ᠃    ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠭᠤᠷᠪᠠᠨ ᠱᠠᠲᠤᠨ ᠤ ᠠᠶᠤᠯᠭᠦᠶ ᠦᠢᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ︿3652﹀ ᠬᠤᠲᠠ ᠶᠢᠨ ᠳᠠᠷᠤᠭ᠎ᠠ ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ︾ ᠢ ᠳᠠᠭᠠᠭᠤᠯᠤᠨ ᠰᠤᠷᠤᠯᠴᠠᠪᠠ᠃    ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠶᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠡᠭᠡᠷ᠎ᠡ ᠶᠢᠨ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠴᠢᠩᠭᠠᠳᠬᠠᠵᠤ᠂ ᠤᠯᠠᠨ ᠲᠦᠮᠡᠨ ᠢ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠪᠦᠬᠦ ᠠᠷᠠᠳ ᠢᠶᠠᠷ ᠢᠶᠠᠨ ᠭᠠᠯ ᠢ ᠰᠡᠷᠭᠡᠶᠢᠯᠡᠬᠦ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠠᠮᠤᠷᠬᠤ ᠬᠡᠪᠴᠢᠶ᠎ᠡ ᠪᠠ ᠣᠨᠣᠪᠴᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠯ ᠤᠨ ᠠᠶᠤᠯ ᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠠᠮᠤᠷ ᠲᠦᠪᠰᠢᠨ ᠢᠶᠠᠷ ᠰᠢᠢᠳᠪᠦᠷᠢᠯᠡᠵᠦ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠴᠥᠭᠡᠨ ᠦᠬᠦᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠬᠠᠨᠳᠤᠯᠭᠠᠲᠤ ᠴᠢᠨᠠᠷᠲᠠᠢ ᠵᠠᠰᠠᠯᠲᠠ ᠶᠢ ᠬᠡᠷᠡᠭᠵᠢᠭᠦᠯᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠩᠰᠢ ᠶᠢᠨ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠲᠠᠨ ᠲᠣᠳᠣᠷᠬᠠᠶ᠂ ᠠᠵᠢᠯ ᠤᠨ ᠬᠤᠪᠢᠶᠠᠷᠢᠯᠠᠯ ᠲᠣᠳᠣᠷᠬᠠᠶ᠂ ᠬᠠᠷᠢᠭᠤᠴᠠᠯᠭ᠎ᠠ ᠲᠣᠳᠣᠷᠬᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃    ᠬᠤᠷᠠᠯ ᠳᠡᠭᠡᠷ᠎ᠡ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠵᠠᠷᠯᠠᠨ ᠪᠠᠶᠢᠷᠢᠯᠠᠭᠤᠯᠪᠠ᠃  ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠣᠯᠤᠨ ᠰᠢᠶᠠᠨ ᠤ ᠳᠣᠲᠣᠷᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                  ᠤᠷᠴᠢᠭᠤᠯᠤᠭᠴᠢ  ᠨᠠᠶᠢᠷᠠᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2