ᠸᠠᠩ ᠳ᠋ᠠ ᠾᠧ ᠶᠡᠭᠡ ᠲᠦᠷᠭᠡᠨ ᠭᠤᠣᠯ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠭᠤᠣᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/9
    4 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ ᠶᠡᠭᠡ ᠲᠦᠷᠭᠡᠨ ᠭᠤᠤᠯ ᠤᠨ ᠠᠮᠢ ᠠᠬᠤᠶ ᠶᠢ ᠬᠠᠮᠠᠭᠠᠯᠠᠭᠰᠠᠨ ᠪᠠ ᠰᠡᠷᠭᠦᠭᠡᠨ ᠵᠠᠰᠠᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠴᠠᠭᠳᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃    ᠸᠠᠩ ᠳ᠋ᠠ ᠾᠧ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠬᠡᠯᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠮᠥᠷᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠶᠡᠭᠡ ᠲᠦᠷᠭᠡᠨ ᠭᠤᠣᠯ ᠤᠨ ᠠᠮᠢ ᠠᠬᠤᠢ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠨ ᠰᠡᠷᠭᠦᠭᠡᠬᠦ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯ ᠮᠥᠷᠡᠨ ᠤ ᠬᠡᠪᠴᠢᠶᠡᠨ ᠳᠤ ᠬᠤᠭ ᠨᠣᠪᠰᠢ ᠬᠥᠪᠦᠮᠡᠯ ᠪᠣᠳᠠᠰ ᠦᠭᠡᠢ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠦᠭᠡᠢ᠂ ᠦᠶᠡᠷ ᠤᠨ ᠤᠰᠤ ᠶᠢ ᠬᠠᠷᠰᠢᠯᠠᠬᠤ ᠦᠭᠡᠢ᠂ ᠲᠦᠷᠢᠮ ᠠᠴᠠ ᠵᠥᠷᠢᠴᠡᠭᠰᠡᠨ ᠪᠠᠷᠢᠯᠭ᠎ᠠ ᠦᠭᠡᠢ᠂ ᠭᠤᠣᠯ ᠤᠨ ᠬᠠᠰᠢᠯᠭ᠎ᠠ ᠶᠢ ᠡᠪᠳᠡᠬᠦ ᠦᠭᠡᠢ ᠠᠵᠢᠯᠯᠠᠭ᠎ᠠ ᠶᠢ ᠪᠠᠲᠤᠯᠠᠵᠤ᠂ ︽ᠭᠤᠣᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ᠂ ᠡᠶ᠎ᠡ ᠨᠠᠶᠢᠷᠠᠮᠳᠠᠭᠤ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠤᠯ ︵ᠨᠠᠭᠤᠷ︶ ᠢ ᠴᠠᠭᠳᠠᠨ ᠪᠠᠶᠢᠴᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠰᠤᠨ ᠤ ᠭᠠᠳᠠᠷᠭᠤ ᠶᠢᠨ ᠡᠳᠦᠷ ᠲᠤᠲᠤᠮ ᠤᠨ ᠠᠷᠢᠭᠤᠨ ᠴᠡᠪᠡᠷ᠂ ᠴᠡᠪᠡᠷᠯᠡᠭᠡ ᠵᠡᠷᠭᠡ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠭᠤᠤᠯ ᠮᠥᠷᠡᠨ ᠤ ᠵᠠᠰᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤ ᠶᠢ ᠰᠠᠬᠢᠬᠤ ᠳᠤ ᠬᠠᠷᠢᠭᠤᠴᠠᠯᠭ᠎ᠠ ᠲᠠᠢ᠂ ᠤᠰᠤ ᠶᠢ ᠰᠠᠬᠢᠬᠤ ᠳᠤ ᠬᠠᠷᠢᠭᠤᠴᠠᠯᠭ᠎ᠠ ᠲᠠᠢ᠂ ᠤᠰᠤ ᠶᠢ ᠰᠠᠬᠢᠬᠤ ᠳᠤ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃                  ᠤᠷᠴᠢᠭᠤᠯᠤᠭᠴᠢ  ᠨᠠᠶᠢᠷᠠᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2