ᠶᠤᠤ ᠬᠠᠢ ᠮᠢᠩ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠶᠢᠨ ᠬᠠᠮᠲᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/9
    4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠤᠤ ᠬᠠᠶ ᠮᠢᠩ ᠨᠡᠷ ᠵᠦᠸᠧᠽᠢ ᠱᠠᠨ ᠪᠠᠯᠭᠠᠰᠤ᠂ ᠱᠢ ᠪᠠ ᠲᠠᠢ ᠪᠠᠯᠭᠠᠰᠤ ᠵᠡᠷᠭᠡ ᠭᠠᠵᠠᠷ ᠲᠤ ᠭᠦᠨᠵᠡᠭᠡᠶᠢᠷᠡᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠶᠤᠤ ᠬᠠᠶ ᠮᠢᠩ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠤᠨ ᠣᠷᠣᠨ ᠤ ᠭᠠᠵᠠᠷ ᠤᠨ ᠬᠡᠰᠡᠭ ᠤᠨ ᠨᠠᠶᠢᠳᠠᠪᠤᠷᠢᠵᠢᠭᠤᠯᠤᠯᠲᠠ᠂ ᠣᠶ ᠮᠣᠳᠣᠨ ᠤ ᠤᠷᠭᠤᠯᠲᠠ᠂ ᠬᠥᠷᠥᠰᠥ ᠰᠢᠷᠣᠶ ᠶᠢᠨ ᠬᠠᠷᠢᠶᠠᠲᠤ ᠴᠢᠨᠠᠷ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠪᠦᠳᠦᠭᠡᠨ ᠪᠠᠶᠢᠭᠤᠯᠤᠯᠲᠠ᠂ ᠴᠦᠯᠯᠡᠷᠭᠡᠭᠵᠢᠯ ᠢ ᠵᠠᠰᠠᠬᠤ ᠵᠡᠷᠭᠡ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ︽ᠭᠤᠷᠪᠠᠨ ᠤᠮᠠᠷᠠᠲᠤ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠢᠷᠠᠭᠤ ᠠᠯᠳᠠᠷᠲᠤ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠪᠡᠯᠡ ᠮᠥᠩᠭᠦ᠂ ᠭᠠᠵᠠᠷ ᠰᠢᠷᠣᠢ᠂ ᠤᠰᠤ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ᠂ ᠱᠠᠭᠠᠷᠳᠠᠯᠭ᠎ᠠ ᠪᠣᠯᠤᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃    ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠴᠢᠭᠯᠡᠭᠦᠯᠦᠨ᠂ ᠶᠤᠤ ᠬᠠᠶ ᠮᠢᠩ ᠴᠢᠬᠤᠯᠠᠴᠢᠯᠠᠬᠤ ᠳᠠᠭᠠᠨ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠵᠣ ᠪᠠᠶᠢᠨ᠎ᠠ᠂ ᠬᠠᠩᠰᠢ ᠶᠢᠨ ᠲᠠᠬᠢᠯᠭ᠎ᠠ ᠶᠢᠨ ᠣᠷᠭᠢᠯ ᠤᠨ ᠬᠤᠭᠤᠴᠠᠭ᠎ᠠ ᠪᠣᠯᠵᠣ ᠪᠠᠶᠢᠨ᠎ᠠ᠂ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠪᠠᠨ ᠴᠢᠩᠭᠠᠳᠬᠠᠨ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠭᠤᠯᠠ ᠶᠢ ᠡᠷᠡᠰ ᠰᠠᠬᠢᠵᠤ᠂ ᠬᠥᠮᠦᠨ ᠢ ᠰᠠᠶᠢᠲᠤᠷ ᠰᠠᠬᠢᠵᠤ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠭᠠᠯ ᠲᠦᠢᠮᠡᠷ ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                  ᠤᠷᠴᠢᠭᠤᠯᠤᠭᠴᠢ  ᠨᠠᠶᠢᠷᠠᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2