ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠰᠢᠶᠠᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠬᠡᠷᠡᠭᠵᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2025/4/9
    ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ    ᠪᠥᠬᠦ ᠰᠢᠶᠠᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠶᠢ ᠬᠡᠷᠡᠭᠵᠢᠭᠦᠯᠬᠦ ᠲᠤᠬᠠᠶ    ᠠᠵᠢᠯ ᠤᠨ ᠵᠠᠷᠯᠠᠯ    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠪᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠥᠯᠥᠭᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠨᠤᠲᠤᠭ ᠪᠡᠯᠴᠢᠭᠡᠷ ᠤᠨ ᠣᠳᠣᠬᠢ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠭᠦᠷᠢᠶ᠎ᠡ ᠬᠡᠪᠴᠢᠶ᠎ᠡ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ᠂ ᠪᠡᠯᠴᠢᠭᠡᠷᠯᠡᠭᠦᠯᠦᠨ ᠠᠰᠢᠭᠯᠠᠬᠤ ᠶᠢ ᠴᠠᠭᠠᠵᠠᠯᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠦᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠠᠯᠠᠪᠠᠢ ᠶᠢ 13 ᠲᠦᠮᠡᠨ ᠮᠦ ᠪᠣᠯᠭᠠᠨ᠎ᠠ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠮᠠᠯ ᠮᠠᠯᠯᠠᠵᠤ ᠪᠣᠯᠬᠤ ᠦᠭᠡᠶ ᠪᠥᠭᠡᠳ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠨ᠂ ᠪᠦᠬᠦ ᠰᠢᠶᠠᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠢ ᠶᠢ 233.19 ᠲᠦᠮᠡᠨ ᠮᠦ ᠪᠠᠶᠢᠯᠭᠠᠨ᠎ᠠ᠃    1. ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠬᠡᠪᠴᠢᠶ᠎ᠡ᠄ ᠤᠯᠤᠰ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠣᠷᠣᠨ ᠪᠦᠰᠡ ᠪᠣᠯ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠪᠣᠯᠣᠨ᠎ᠠ᠃    2. ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠡᠪᠴᠢᠶ᠎ᠡ᠄ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠭᠠᠳᠠᠨ᠎ᠠ᠂ ᠪᠤᠰᠤᠳ ᠪᠠᠶᠢᠭᠠᠯᠢ ᠶᠢᠨ ᠨᠤᠲᠤᠭ ᠪᠡᠯᠴᠢᠭᠡᠷ ᠢ ᠴᠥᠮ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠭᠠᠵᠤ᠂ ᠪᠥᠬᠦ ᠰᠢᠶᠠᠨ ᠤ 8 ᠰᠢᠶᠠᠩ ᠪᠠᠯᠭᠠᠰᠤ ᠶᠢ ᠪᠠᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠨᠢ ᠲᠡᠵᠢᠭᠡᠯ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠰᠡᠯᠭᠦᠨ ᠮᠠᠯᠵᠢᠬᠤ ᠶᠢ ᠬᠡᠷᠡᠭᠵᠢᠭᠦᠯᠬᠦ ᠬᠡᠷᠡᠭᠲᠡᠶ᠃ ᠪᠡᠯᠴᠢᠭᠡᠷ ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠮᠠᠯ ᠬᠠᠷᠢᠭᠤᠯᠤᠨ᠎ᠠ᠃ ᠪᠦᠬᠦ ᠰᠢᠶᠠᠨ ᠤ ᠪᠦᠬᠦ ᠵᠢᠯ ᠳᠤ 11.07 ᠲᠦᠮᠡᠨ ᠬᠤᠨᠢᠨ ᠨᠢᠭᠡᠴᠢ ︵ᠨᠠᠰᠤᠨ ᠳᠤ ᠬᠦᠷᠦᠭᠰᠡᠨ ᠬᠤᠨᠢ = 1 ᠬᠤᠨᠢᠨ ᠤ ᠨᠢᠭᠡᠴᠢ᠂ ᠢᠮᠠᠭ᠎ᠠ = 0.9 ᠬᠤᠨᠢᠨ ᠤ ᠨᠢᠭᠡᠴᠢ᠂ ᠠᠳᠤᠭᠤ = 6 ᠬᠤᠨᠢᠨ ᠤ ᠨᠢᠭᠡᠴᠢ᠂ ᠦᠬᠡᠷ = 5 ᠬᠤᠨᠢᠨ ᠤ ᠨᠢᠭᠡᠴᠢ᠂ ᠯᠠᠭᠤᠰᠠ = 5 ᠬᠤᠨᠢᠨ ᠤ ᠨᠢᠭᠡᠴᠢ᠂ ᠡᠯᠵᠢᠭᠡ = 3 ᠬᠤᠨᠢᠨ ᠤ ᠨᠢᠭᠡᠴᠢ᠂ ᠲᠡᠮᠡᠭᠡ = 7 ᠬᠤᠨᠢᠨ ᠨᠢᠭᠡᠴᠢ︶᠃ᠬᠤᠶᠠᠷ᠂ ᠬᠡᠷᠡᠭᠵᠢᠭᠦᠯᠬᠦ ᠴᠠᠭ ᠬᠤᠭᠤᠴᠠᠭ᠎ᠠ 1. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠄ ᠪᠦᠬᠦ ᠵᠢᠯ ᠳᠤ ᠮᠠᠯ ᠬᠠᠷᠢᠭᠤᠯᠬᠤ ᠶᠢ ᠴᠠᠭᠠᠵᠠᠯᠠᠨ᠎ᠠ᠃ 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ᠄ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ ᠨᠡᠶᠢᠲᠡ 45 ᠡᠳᠦᠷ᠃ ᠭᠤᠷᠪᠠ᠂ ᠬᠠᠷᠢᠭᠤᠴᠠᠯᠭ᠎ᠠ ᠡᠭᠦᠷᠭᠡ ᠰᠢᠶᠠᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ᠂ ᠬᠠᠮᠢᠶᠠᠷᠤᠯᠲᠠ ᠶᠢᠨ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠠᠵᠢᠯ ᠢ ᠥᠷᠨᠢᠭᠦᠯᠬᠦ ᠬᠡᠷᠡᠭᠲᠡᠶ᠃ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠥᠬᠦ ᠰᠢᠶᠠᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠵᠢᠴᠢ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠰᠢᠶᠠᠨ ᠤ ᠮᠠᠯ ᠤᠨ ᠲᠤᠭ᠎ᠠ ᠪᠦᠷᠢᠳᠬᠡᠯ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠰᠠᠯᠭᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠲᠠᠷᠢᠵᠤ ᠲᠡᠵᠢᠭᠡᠬᠦ ᠮᠡᠷᠭᠡᠵᠢᠯ ᠤᠨ ᠪᠣᠯᠪᠠᠰᠤᠷᠠᠭᠤᠯᠤᠯ ᠵᠢᠯᠣᠭᠤᠳᠣᠯᠭ᠎ᠠ ᠵᠡᠷᠭᠡ ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠥᠮᠴᠢᠯᠡᠭᠴᠢ ᠪᠣᠯᠤᠨ ᠬᠡᠷᠡᠭᠯᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ ᠪᠣᠯᠬᠤᠷ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃ ᠳᠥᠷᠪᠡ᠂ ᠠᠵᠢᠯ ᠤᠨ ᠱᠠᠭᠠᠷᠳᠠᠯᠭ᠎ᠠ    1. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠵᠢᠴᠢ ᠥᠷᠭᠡᠨ ᠣᠯᠠᠨ ᠲᠠᠷᠢᠶᠠᠴᠢᠳ ᠤᠷᠢᠳᠴᠢᠯᠠᠨ ᠲᠥᠯᠥᠪᠵᠢᠭᠦᠯᠦᠨ ᠪᠡᠯᠡᠳᠬᠡᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠡᠪᠡᠰᠦ ᠪᠣᠷᠳᠤᠭ᠎ᠠ ᠰᠢᠯᠵᠢᠭᠦᠯᠦᠨ ᠬᠤᠳᠠᠯᠳᠤᠨ ᠠᠪᠬᠤ᠂ ᠨᠥᠭᠡᠴᠡᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠬᠤᠭᠤᠴᠠᠭᠠᠨ ᠳᠤ ᠪᠤᠶ ᠪᠦᠬᠦᠢ ᠮᠠᠯ ᠤᠨᠤᠭ᠎ᠠ ᠶᠢ ᠪᠦᠬᠦᠨ ᠢ ᠬᠠᠰᠢᠶᠠᠯᠠᠨ ᠲᠡᠵᠢᠭᠡᠵᠦ᠂ ᠨᠤᠲᠤᠭ ᠪᠡᠯᠴᠢᠭᠡᠷ ᠳᠡᠭᠡᠷ᠎ᠡ ᠮᠠᠯ ᠮᠠᠯᠯᠠᠵᠤ ᠪᠣᠯᠬᠤ ᠦᠭᠡᠶ᠂ ᠰᠥᠨᠢ ᠪᠠᠷ ᠮᠠᠯᠵᠢᠬᠤ᠂ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃    2. ᠡᠯ᠎ᠡ ᠰᠢᠶᠠᠩ ᠪᠠᠯᠭᠠᠰᠤ ᠨᠢ ᠵᠠᠰᠠᠭ ᠵᠠᠬᠢᠷᠭᠠᠨ ᠤ ᠲᠣᠰᠬᠤᠨ ᠢ ᠵᠣᠬᠢᠶᠠᠨ ᠪᠠᠶᠢᠭᠤᠯᠤᠨ ᠨᠤᠲᠤᠭ ᠪᠡᠯᠴᠢᠭᠡᠷ ᠤᠨ ᠲᠠᠯᠠᠪᠠᠢ᠂ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠨ᠎ᠠ᠃ ᠵᠠᠰᠠᠭ ᠵᠠᠬᠢᠷᠭᠠᠨ ᠤ ᠲᠣᠰᠬᠤᠨ ᠵᠢᠴᠢ ᠥᠷᠭᠡᠨ ᠣᠯᠠᠨ ᠲᠠᠷᠢᠶᠠᠴᠢᠳ ᠪᠡᠯᠴᠢᠭᠡᠷ ᠢᠶᠠᠷ ᠮᠠᠯ ᠢᠶᠠᠨ ᠲᠣᠭᠲᠠᠭᠠᠬᠤ ᠶᠢ ᠪᠠᠷᠢᠮᠲᠠᠯᠠᠵᠤ᠂ ᠬᠢᠨᠠᠨ ᠲᠣᠭᠲᠠᠭᠠᠭᠰᠠᠨ ᠲᠣᠬᠢᠷᠠᠬᠤ ᠪᠡᠯᠴᠢᠭᠡᠷ ᠤᠨ ᠬᠡᠮᠵᠢᠶ᠎ᠡ ᠶᠢ ᠦᠨᠳᠦᠰᠦᠯᠡᠨ᠂ ᠲᠡᠵᠢᠭᠡᠨ ᠦᠷᠡᠵᠢᠭᠦᠯᠬᠦ ᠬᠡᠪᠴᠢᠶ᠎ᠡ ᠪᠠ ᠲᠤᠭ᠎ᠠ ᠬᠡᠮᠵᠢᠶ᠎ᠡ ᠪᠠᠨ ᠵᠦᠢ ᠵᠣᠬᠢᠰᠲᠠᠶ ᠲᠣᠬᠢᠷᠠᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠢᠳᠡᠪᠬᠢᠲᠡᠶ ᠬᠥᠭᠵᠢᠭᠦᠯᠬᠦ ᠬᠡᠷᠡᠭᠲᠡᠶ᠃ ᠮᠠᠭᠤᠲᠠᠬᠤ ᠬᠠᠨᠳᠤᠰᠢ ᠲᠠᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠣᠯ ᠪᠠᠶᠢᠳᠠᠯ ᠢ ᠨᠢ ᠦᠵᠡᠵᠦ ᠪᠠᠶᠢᠭᠠᠳ ᠪᠡᠯᠴᠢᠭᠡᠷ ᠤᠨ ᠪᠠᠭᠲᠠᠭᠠᠮᠵᠢ ᠶᠢ ᠨᠢ ᠪᠠᠭᠠᠰᠬᠠᠬᠤ ᠬᠡᠷᠡᠭᠲᠡᠶ᠃    3. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠬᠢᠭᠡᠳ ᠥᠷᠭᠡᠨ ᠣᠯᠠᠨ ᠲᠠᠷᠢᠶᠠᠴᠢᠨ ᠶᠠᠮᠠᠷ ᠨᠢᠭᠡᠨ ᠰᠢᠯᠲᠠᠭ ᠢᠶᠠᠷ ᠪᠤᠶᠤ ᠶᠠᠮᠠᠷᠪᠠ ᠬᠡᠯᠪᠡᠷᠢ ᠪᠠᠷ ᠪᠠᠶᠢᠭᠠᠯᠢ ᠶᠢᠨ ᠨᠤᠲᠤᠭ ᠪᠡᠯᠴᠢᠭᠡᠷ ᠠᠴᠠ ᠭᠠᠳᠠᠷ ᠣᠷᠣᠨ ᠤ ᠮᠠᠯ ᠤᠨᠤᠭ᠎ᠠ ᠶᠢ ᠴᠤᠭᠯᠠᠭᠤᠯᠵᠤ ᠪᠣᠯᠬᠤ ᠦᠭᠡᠶ᠃ ᠭᠠᠳᠠᠷ ᠣᠷᠣᠨ ᠤ ᠮᠠᠯ ᠤᠨᠤᠭ᠎ᠠ ᠶᠢ ᠡᠯᠰᠡᠨ ᠮᠠᠯ ᠬᠠᠷᠢᠭᠤᠯᠬᠤ ᠳᠤ ᠡᠷᠬᠡᠪᠰᠢ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠡᠯᠰᠡᠨ ᠠᠪᠤᠭᠰᠠᠨ ᠮᠠᠯ ᠤᠨᠤᠭ᠎ᠠ ᠶᠢ ᠪᠦᠬᠦᠨ ᠢ ᠴᠡᠪᠡᠷᠯᠡᠬᠦ ᠬᠡᠷᠡᠭᠲᠡᠶ᠃ ᠲᠣᠰ ᠵᠠᠷᠯᠠᠯ ᠤᠨ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠨ᠎ᠡ᠃    4. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠬᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ ᠂ ᠲᠣᠰᠬᠤᠨ ᠡᠷᠦᠬᠡ ᠳᠠᠷᠠᠭᠠᠯᠠᠨ ︽ᠲᠣᠳᠣᠷᠬᠠᠶ ᠺᠠᠷᠲ︾ ︽ᠮᠡᠳᠡᠭᠳᠡᠬᠦ ᠪᠢᠴᠢᠭ︾ ᠲᠠᠷᠬᠠᠭᠠᠵᠤ᠂ ᠸᠢᠴᠠᠲ᠂ ᠤᠬᠠᠭᠤᠯᠭ᠎ᠠ ᠶᠢᠨ ᠤᠷᠢᠶ᠎ᠠ ᠯᠣᠽᠦ᠋ᠩ ᠪᠠ ᠷᠠᠳᠢᠣ᠋ ᠨᠡᠪᠲᠡᠷᠡᠭᠦᠯᠭᠡ ᠵᠡᠷᠭᠡ ᠵᠠᠭᠤᠴᠢᠯᠠᠭᠤᠷ ᠢ ᠠᠰᠢᠭᠯᠠᠨ᠂ ᠲᠠᠷᠢᠶᠠᠴᠢᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠬᠤ ᠬᠡᠷᠡᠭᠲᠡᠶ᠃    5. ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ ︵ᠨᠤᠲᠤᠭ ᠪᠡᠯᠴᠢᠭᠡᠷ︶ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ︵ᠰᠦᠯᠵᠢᠶᠡᠨ ᠤ ᠠᠵᠢᠯᠴᠢᠨ︶ ᠨᠢ ᠪᠥᠬᠦ ᠤᠯᠤᠰ ᠤᠨ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠵᠦ᠂ ᠬᠤᠯᠠᠭᠠᠶᠢᠯᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ ᠲᠣᠭᠲᠠᠭᠠᠯ ᠠᠴᠠ ᠵᠥᠷᠢᠴᠡᠨ ᠮᠠᠯᠵᠢᠬᠤ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠪᠤᠰᠤᠳ ᠮᠡᠳᠡᠭᠡ ᠵᠠᠩᠭᠢ ᠶᠢ ᠴᠠᠭ ᠲᠤᠬᠠᠶ ᠳᠤ ᠨᠢ ᠢᠯᠡᠷᠡᠭᠦᠯᠵᠦ᠂ ᠬᠦᠷᠭᠡᠬᠦ ᠬᠡᠷᠡᠭᠲᠡᠶ᠃ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠵᠢᠯᠴᠠᠨ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠮᠠᠯ ᠪᠡᠯᠴᠢᠭᠡᠷᠯᠡᠭᠦᠯᠬᠦ ᠠᠴᠠ ᠪᠣᠯᠵᠣ ᠨᠤᠲᠤᠭ ᠪᠡᠯᠴᠢᠭᠡᠷ ᠢ ᠡᠪᠳᠡᠭᠰᠡᠨ ᠪᠠᠶᠢᠪᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠰᠣᠭᠠᠬᠤ ᠶᠢᠨ ᠬᠠᠮᠲᠤ ᠬᠤᠯᠪᠣᠭᠳᠠᠯ ᠪᠥᠬᠦᠶ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠲᠠᠪᠤ᠂ ᠰᠢᠢᠳᠬᠡᠯ ᠤᠨ ᠲᠣᠭᠲᠠᠭᠠᠯ     1. ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠪᠦᠰᠡ ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠮᠠᠯ ᠬᠠᠷᠢᠭᠤᠯᠤᠭᠰᠠᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠰᠡᠯᠭᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠶᠢ ᠵᠥᠷᠢᠴᠡᠨ ᠬᠤᠨᠢ ᠮᠠᠯᠵᠢᠵᠤ ᠪᠠᠶᠢᠭ᠎ᠠ ᠨᠢᠭᠡᠴᠢ ᠨᠢᠭᠡᠪᠦᠷᠢ ᠳᠤ 120 ᠲᠥᠭᠦᠷᠢᠭ ᠤᠨ ᠵᠣᠭᠤᠰ ᠢᠶᠠᠷ ᠲᠣᠷᠭᠠᠨ᠎ᠠ᠃ ᠬᠠᠤᠯᠢ ᠲᠣᠭᠲᠠᠭᠠᠯ ᠶᠣᠰᠣᠭᠠᠷ ᠰᠢᠳᠬᠡᠬᠦ ᠠᠴᠠ ᠭᠠᠳᠠᠨ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠡᠭᠡᠳ ᠮᠥᠨ ᠬᠦ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠭᠰᠠᠳ ᠲᠤ ᠵᠣᠬᠢᠬᠤ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠤᠭᠤᠯᠵᠤ᠂ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤ ᠨᠢ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠮᠡᠳᠡᠭᠳᠡᠬᠦ ᠶᠢᠨ ᠬᠠᠮᠲᠤ ᠵᠠᠰᠠᠭ ᠵᠠᠬᠢᠷᠭᠠᠨ ᠤ ᠲᠣᠰᠬᠤᠨ ᠤ ᠬᠡᠪᠴᠢᠶᠡᠨ ᠳᠤ ᠢᠯᠡ ᠨᠡᠶᠢᠲᠡᠯᠡᠬᠦ ᠬᠡᠷᠡᠭᠲᠡᠶ᠃    2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ ᠪᠠᠭᠲᠠᠭᠠᠮᠵᠢ ᠠᠴᠠ ᠬᠡᠲᠦᠷᠡᠭᠰᠡᠨ ᠬᠤᠨᠢ ᠨᠢᠭᠡᠪᠦᠷᠢ ᠪᠠᠷ 100 ᠲᠥᠭᠦᠷᠢᠭ ᠵᠣᠭᠤᠰ ᠢᠶᠠᠷ ᠲᠣᠷᠭᠠᠨ᠎ᠠ᠃   3. ᠬᠠᠤᠯᠢ ᠶᠣᠰᠣᠭᠠᠷ ᠰᠢᠳᠬᠡᠨ ᠲᠣᠷᠭᠠᠬᠤ ᠲᠣᠭᠲᠠᠭᠠᠯ ᠭᠠᠷᠭᠠᠬᠤ᠂ ᠲᠤᠬᠠᠶ ᠶᠢᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠶ ᠪᠤᠶᠤ ᠵᠠᠷᠭᠤ ᠬᠢᠬᠦ ᠦᠭᠡᠶ ᠮᠥᠷᠲᠡᠭᠡᠨ ᠪᠠᠰᠠ ᠭᠦᠢᠴᠡᠳᠬᠡᠬᠦ ᠦᠭᠡᠶ ᠪᠣᠯ ᠰᠢᠳᠬᠡᠨ ᠲᠣᠷᠭᠠᠬᠤ ᠪᠠᠶᠢᠭᠤᠯᠤᠯᠭ᠎ᠠ ᠨᠢ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ ᠪᠠᠶᠢᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠨᠣᠷᠮ᠎ᠠ ᠶᠢ 10% ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠪᠡᠯ᠂ ᠰᠢᠶᠠᠩ ᠪᠠᠯᠭᠠᠰᠤ ᠠᠴᠠ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠡᠯᠴᠢᠭᠡᠷᠯᠡᠭᠦᠯᠬᠦ ᠡᠷᠦᠬᠡ ᠶᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠬᠡᠨ᠎ᠡ᠃    4. ᠮᠠᠯ ᠤᠨᠤᠭ᠎ᠠ ᠶᠢᠨ ᠰᠠᠨᠠᠭ᠎ᠠ ᠪᠠᠷ ᠢᠶᠠᠨ ᠣᠯᠠᠨ ᠲᠦᠮᠡᠨ ᠢ ᠥᠳᠥᠭᠡᠵᠦ᠂ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠵᠢᠷᠭᠤᠭ᠎ᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄    ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ 0474 - 4703550    ᠵᠦᠸᠧᠽᠢ ᠱᠠᠨ ᠪᠠᠯᠭᠠᠰᠤ 0474 - 4709003    ᠴᠢ ᠰᠢᠶᠠ ᠶᠢᠩ ᠪᠠᠯᠭᠠᠰᠤ 0474 - 4604349    ᠱᠢ ᠪᠠᠲᠠᠢ ᠪᠠᠯᠭᠠᠰᠤ 0474 - 4630003    ᠯᠢ ᠬᠤᠸᠠ ᠪᠠᠯᠭᠠᠰᠤ 0474 - 4680021    ᠪᠠᠶᠠᠨᠰᠢᠯᠢ ᠪᠠᠯᠭᠠᠰᠤ 0474 - 4732097    ᠳ᠋ᠠ ᠢᠦᠢ ᠱᠤ᠋ ᠰᠢᠶᠠᠩ 0474 - 4660003    ᠬᠤᠩ ᠵᠣᠣ ᠰᠢᠶᠠᠩ 0474 - 4601026    ᠹᠦ᠋ ᠰᠢᠩ ᠰᠢᠶᠠᠩ 0474 - 4690058    ᠪᠦᠦ ᠠᠨ ᠣᠶ ᠰᠢᠭᠤᠶ ᠶᠢᠨ ᠲᠠᠯᠠᠪᠠᠶ 0474 - 4701529    ᠱᠠᠩ ᠭᠤᠤ ᠲᠠᠪᠴᠠᠩ ᠤᠨ ᠬᠠᠮᠢᠶᠠᠷᠤᠯᠲᠠ ᠶᠢᠨ ᠥᠷᠲᠡᠭᠡ 0474 - 4604206    ᠪᠦ᠋ ᠳ᠋ᠦᠩ ᠬᠠᠮᠢᠶᠠᠷᠤᠯᠲᠠ ᠶᠢᠨ ᠥᠷᠲᠡᠭᠡ 0474 - 4603005ᠳᠣᠯᠤᠭ᠎ᠠ᠂ ᠲᠣᠰ ᠵᠠᠷᠯᠠᠯ ᠢ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠂ ᠨᠠᠢᠮᠠᠨ  ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃    ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠤ 3 ᠰᠠᠷ᠎ᠠ ᠶᠢᠨ 24 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2