ᠬᠦᠮᠦᠨ ᠲᠥᠷᠥᠯᠬᠢᠲᠡᠨ ᠤ ᠬᠥᠭᠵᠢᠯ ᠪᠠᠳᠠᠷᠠᠯ ᠲᠠᠢ︕ ᠵᠦᠸᠧᠽᠢ ᠰᠢᠶᠠᠨ ᠤ ︽5 · 1︾ ᠤ ᠠᠮᠠᠷᠠᠯᠲᠠ ᠶᠢᠨ ᠬᠤᠭᠤᠴᠠᠭᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠡᠭᠦᠯᠳᠡᠷ
ᠨᠡᠶᠢᠲᠡᠯᠡᠭᠰᠡᠨ ᠴᠠᠭ᠄
2025/5/15
    ᠲᠠᠪᠤᠨ ᠡᠳᠦᠷ ᠤᠨ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠲᠡᠭᠦᠰ ᠠᠮᠵᠢᠯᠲᠠ ᠲᠠᠢ ᠲᠡᠭᠦᠰᠪᠡ᠃ ᠠᠮᠠᠷᠠᠯᠲᠠ ᠶᠢᠨ ᠬᠤᠭᠤᠴᠠᠭᠠᠨ ᠳᠤ᠂ ᠵᠦᠸᠧᠽᠢ ᠰᠢᠶᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠬᠠᠯᠠᠭᠤᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠡᠯ᠎ᠡ ᠦᠵᠡᠮᠵᠢ ᠶᠢᠨ ᠣᠷᠣᠨ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠮᠠᠷᠠᠯᠲᠠ ᠶᠢᠨ ᠬᠤᠭᠤᠴᠠᠭᠠᠨ ᠤ ᠠᠯᠢ ᠤᠯᠠᠨ ᠠᠵᠢᠯᠯᠠᠭ᠎ᠠ ᠶᠢ ᠥᠷᠨᠢᠭᠦᠯᠵᠦ᠂ ᠵᠤᠭᠠᠴᠠᠭᠰᠠᠳ ᠤᠨ ᠥᠷᠨᠢᠯᠲᠡ ᠶᠢ ᠤᠭᠲᠤᠨ ᠠᠪᠴᠢᠷᠠᠵᠤ᠂ ᠵᠤᠭᠠᠴᠠᠯ ᠤᠨ ᠵᠠᠬ᠎ᠠ ᠳᠡᠯᠭᠡᠭᠦᠷ ᠬᠦᠷ ᠬᠥᠭᠵᠢᠶᠡᠨ ᠲᠠᠢ ᠪᠠᠶᠢᠳᠠᠯ ᠢᠯᠡᠷᠡᠵᠡᠢ᠃    ︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ ᠯᠢᠨ ᠬᠤ ᠭᠦ ᠰᠠᠢ ᠦᠵᠡᠮᠵᠢ ᠶᠢᠨ ᠣᠷᠣᠨ ᠤ ᠠᠶᠠᠨᠴᠢᠳ ᠤᠨ ᠬᠡᠮᠵᠢᠶ᠎ᠡ ᠦᠷᠭᠦᠯᠵᠢᠯᠡᠨ ᠨᠡᠮᠡᠭᠳᠡᠪᠡ᠃ ᠱᠠᠨᠪᠧᠶ ᠶᠢᠨ ᠶᠠᠩᠭᠠᠷ ᠪᠥᠵᠢᠭ ᠤᠨ ᠪᠥᠯᠬᠦᠮ᠂ ᠰᠦᠯᠵᠢᠶᠡᠨ ᠤ ᠤᠯᠠᠭᠠᠨ ᠤ ᠳᠠᠭᠤᠤ ᠬᠥᠭᠵᠢᠮᠴᠢᠳ᠂ ᠺᠠᠷᠲ᠋ᠣᠨ ᠵᠢᠷᠤᠭ ᠢᠶᠠᠷ ᠵᠢᠭᠤᠯᠴᠢᠳ ᠵᠡᠷᠭᠡ ᠦᠵᠡᠮᠵᠢ ᠶᠢᠨ ᠣᠷᠣᠨ ᠳᠤ ᠵᠢᠭᠤᠯᠴᠢᠳ ᠢ ᠲᠠᠲᠠᠵᠠᠶ᠃ ᠲᠣᠮᠣ ᠮᠠᠯᠤᠷ ᠥᠲᠡᠭᠡ᠂ ᠤᠰᠤᠨ ᠤ ᠶᠢᠷᠲᠢᠨᠴᠦ᠂ ᠰᠢᠯ ᠤᠨ ᠬᠥᠭᠦᠷᠭᠡᠨ ᠵᠠᠮ ᠵᠡᠷᠭᠡ ᠲᠥᠷᠥᠯ ᠵᠦᠢᠯ ᠨᠢ ᠮᠥᠨ ᠯᠡ ᠬᠠᠯᠠᠭᠤᠨ ᠪᠠᠶᠢᠨ᠎ᠠ᠃ ᠡᠨᠡ ᠬᠦ ᠠᠮᠠᠷᠠᠯᠲᠠ ᠶᠢᠨ ᠬᠤᠭᠤᠴᠠᠭᠠᠨ ᠳᠤ᠂ ᠱᠧᠩ ᠱᠦᠢ ᠯᠢᠶᠠᠩ ᠵᠢᠦ ᠯᠦᠩ ᠸᠠᠨ ᠦᠵᠡᠮᠵᠢ ᠶᠢᠨ ᠣᠷᠣᠨ ᠴᠤ ᠡᠨᠡ ᠵᠢᠯ ᠤᠨ ᠠᠩᠬᠠᠳᠠᠭᠴᠢ ᠠᠶᠠᠨᠴᠢᠳ ᠤᠨ ᠤᠷᠤᠰᠬᠠᠯ ᠪᠠᠭ᠎ᠠ ᠤᠷᠬᠢᠯ ᠢ ᠤᠭᠲᠤᠨ ᠠᠪᠴᠢᠷᠠᠵᠤ᠂ ᠦᠵᠡᠰᠬᠦᠯᠡᠩᠲᠦ ᠰᠠᠶᠢᠬᠠᠨ ᠠᠭᠤᠯᠠ ᠤᠰᠤᠨ ᠤ ᠦᠵᠡᠮᠵᠢ ᠪᠣᠯᠤᠨ ᠥᠪᠡᠷᠮᠢᠴᠡ ᠠᠷᠠᠳ ᠤᠨ ᠵᠠᠩ ᠦᠢᠯᠡ ᠨᠢ ᠵᠤᠭᠠᠴᠠᠭᠰᠠᠳ ᠢ ᠰᠣᠭᠲᠣᠭᠤᠷᠠᠭᠤᠯᠵᠤ᠂ ᠪᠤᠴᠠᠬᠤ ᠵᠠᠮ ᠳᠠᠭᠠᠨ ᠮᠠᠷᠲᠠᠭᠳᠠᠭᠤᠯᠬᠤ ᠦᠭᠡᠢ ᠪᠠᠶᠢᠯ᠎ᠠ᠃    ᠵᠦᠸᠧᠽᠢ ᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠬᠡᠷᠡᠭᠯᠡᠭᠴᠢᠳ ᠤᠨ ᠬᠡᠷᠡᠭᠴᠡᠭᠡ ᠶᠢᠨ ᠲᠠᠰᠤᠷᠠᠯᠲᠠ ᠦᠭᠡᠢ ᠳᠡᠰ ᠳᠡᠪᠰᠢᠬᠦ ᠶᠢ ᠳᠠᠭᠠᠯᠳᠤᠨ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠰᠣᠶᠣᠯ ᠤᠨ ᠠᠭᠤᠯᠬᠤᠨ ᠢ ᠲᠠᠰᠤᠷᠠᠯᠲᠠ ᠦᠭᠡᠢ ᠠᠭᠤᠳᠠᠯᠵᠤ᠂ ᠣᠨᠴᠠᠯᠢᠭᠲᠤ ᠲᠥᠷᠥᠯ ᠵᠦᠢᠯ ᠢ ᠪᠠᠶᠢᠭᠤᠯᠵᠤ᠂ ᠨᠠᠩ ᠣᠯᠠᠨ ᠪᠠᠶᠠᠯᠢᠭ ᠰᠠᠶᠢᠬᠠᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠬᠡᠷᠡᠭᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠵᠢᠭᠤᠯᠴᠢᠯᠠᠭᠴᠢᠳ ᠲᠤ ᠨᠠᠩ ᠣᠯᠠᠨ ᠰᠢᠨ᠎ᠡ ᠰᠣᠷᠭᠤᠭ ᠪᠠᠶᠠᠷ ᠪᠠ ᠨᠠᠩ ᠮᠠᠷᠲᠠᠭᠳᠠᠰᠢ ᠦᠭᠡᠢ ᠵᠢᠭᠤᠯᠴᠢᠯᠠᠯ ᠤᠨ ᠲᠤᠷᠰᠢᠯᠲᠠ ᠬᠢᠪᠡ᠃    ︽5.1︾ ᠤ ᠬᠤᠭᠤᠴᠠᠭᠠᠨ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠯᠠᠭᠤᠨ ᠬᠡᠮᠵᠢᠶ᠎ᠡ ᠦᠷᠭᠦᠯᠵᠢᠯᠡᠨ ᠳᠡᠭᠡᠭᠰᠢᠯᠡᠬᠦ ᠨᠢ ᠪᠠᠰᠠ ᠵᠦᠸᠧᠽᠢ ᠰᠢᠶᠠᠨ ᠤ ᠢᠳᠡᠭᠡᠨ ᠤᠮᠳᠠᠭᠠᠨ ᠪᠠ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠵᠤ᠂ ︽ᠰᠣᠶᠣᠯ ᠵᠢᠭᠤᠯᠴᠢᠯᠠᠯ ᠤᠨ ᠤᠷᠤᠰᠬᠠᠯ ᠤᠨ ᠬᠡᠮᠵᠢᠶ᠎ᠡ︾ ᠶᠠᠭ ᠦᠨᠡᠨ ᠪᠣᠳᠠᠲᠠᠢ ︽ᠬᠡᠷᠡᠭᠯᠡᠭᠡᠨ ᠤ ᠨᠡᠮᠡᠭᠳᠡᠯ︾ ᠪᠣᠯᠵᠤ ᠪᠠᠶᠢᠨ᠎ᠠ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠵᠦᠸᠧᠽᠢ ᠰᠢᠶᠠᠨ ᠡᠯ᠎ᠡ ᠭᠠᠵᠠᠷ ᠤᠨ ᠵᠤᠭᠠᠴᠠᠭᠰᠠᠳ ᠢ ᠨᠡᠶᠢᠳᠡ 35 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 1.5 ᠳ᠋ᠦᠩᠰᠢᠭᠤᠷ ᠲᠥᠭᠦᠷᠢᠭ ᠪᠡᠶᠡᠯᠡᠭᠦᠯᠪᠡ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2