5 ᠳ᠋ᠤᠭᠠᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠪᠣᠯᠤᠨ᠎ᠠ᠃ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ | ᠭᠤᠣᠯ ᠰᠢᠵᠢᠮ ᠢ ᠪᠠᠷᠢᠮᠲᠠᠯᠠᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ | ᠠᠵᠢᠯ ᠤᠨ ᠭᠤᠣᠯ ᠰᠡᠳᠦᠪ ᠢ ᠡᠵᠡᠮᠳᠡᠵᠦ᠂ ︽ᠲᠦᠷᠪᠡ ᠶᠢ ᠶᠡᠬᠡᠪᠡᠷ ᠤᠬᠠᠭᠤᠯᠬᠤ︾ ᠪᠠ ︽ᠭᠤᠷᠪᠠ ᠶᠢ | ᠲᠣᠳᠣᠷᠬᠠᠢ ᠲᠠᠶᠢᠯᠪᠤᠷᠢᠯᠠᠬᠤ︾ ᠲᠣᠭᠤᠷᠢᠨ ᠳᠤ ᠪᠠᠶᠠᠨᠰᠢᠯᠢ ᠪᠠᠯᠭᠠᠰᠤᠨ ᠤ ᠵᠤᠤ ᠮᠢᠶᠣᠣ ᠲᠣᠰᠬᠤᠨ ᠳᠤ | ᠭᠦᠨᠵᠡᠭᠡᠶᠢᠷᠡᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠬᠥᠳᠡᠭᠡ ᠲᠣᠰᠬᠤᠨ ᠳᠤ ᠣᠷᠣᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠥᠬᠦ ᠲᠠᠯ᠎ᠠ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ | ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ᠂ ᠦᠨᠳᠦᠰᠦᠲᠡᠨ ᠤ | ᠣᠨᠣᠯ ᠤᠨ ᠮᠡᠳᠡᠪᠡᠯ ᠵᠣᠬᠢᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠳᠤᠮᠳᠠᠳᠤ ᠶᠢᠨ ᠦᠨᠳᠦᠰᠦᠲᠡᠨ | ᠨᠢᠭᠡ ᠬᠡᠷ ᠪᠦᠯᠢ ᠮᠡᠲᠦ ᠳᠣᠲᠣᠨᠣ ᠪᠠᠶᠢᠵᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ | ᠲᠡᠷᠭᠡᠯᠰᠢᠭᠦᠯᠬᠦ︾ ᠤᠬᠠᠭᠤᠯᠭ᠎ᠠ ᠶᠢᠨ ᠤᠷᠢᠶ᠎ᠠ ᠯᠣᠽᠦ᠋ᠩ ᠢ 200 ᠭᠠᠷᠤᠶ ᠬᠤᠪᠢ ᠲᠠᠷᠬᠠᠭᠠᠪᠠ᠃ | ᠲᠣᠰ ᠤᠳᠠᠭᠠᠨ ᠤ ᠤᠬᠠᠭᠤᠯᠭ᠎ᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠵᠣᠭᠤᠭᠳᠠᠬᠤ᠂ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠶᠠᠷᠢᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠭᠤᠷᠪᠠᠨ ᠰᠠᠯᠵᠤ | ᠴᠢᠳᠠᠬᠤ ᠥᠬᠡᠶ︾᠂ ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾᠂ ︽ᠲᠠᠪᠤᠨ ᠦᠵᠡᠯᠲᠡ︾ | ᠵᠢᠴᠢ ︽ᠳᠣᠯᠤᠭ᠎ᠠ ᠶᠢ ᠵᠢᠱᠢᠶᠡᠴᠢ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠲᠦᠭᠡᠮᠡᠯᠵᠢᠭᠦᠯᠦᠨ | ᠲᠠᠶᠢᠯᠪᠤᠷᠢᠯᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ | ᠲᠣᠭᠲᠠᠭᠠᠯ ᠢ ᠠᠷᠠᠳ ᠣᠯᠠᠨ ᠤ ᠰᠡᠳᠬᠢᠯ ᠳᠤ ᠣᠨᠣᠪᠴᠢᠲᠠᠶ ᠪᠥᠭᠡᠳ ᠪᠦᠲᠦᠮᠵᠢᠲᠡᠶ ᠬᠦᠷᠭᠡᠬᠦ ᠪᠠᠷ ᠴᠢᠷᠮᠠᠶᠢᠵᠤ᠂ ︽ | ᠨᠤᠲᠤᠭ︾ ᠤᠨ ᠳᠠᠭᠤᠨ ᠢᠶᠠᠷ ︽ᠨᠠᠮ︾ ᠤᠨ ᠳᠠᠭᠤᠨ ᠢ ᠳᠠᠮᠵᠢᠭᠤᠯᠵᠤ᠂ ᠤᠬᠠᠭᠤᠯᠭ᠎ᠠ ᠶᠢ ︽ᠰᠢᠨ᠎ᠡ︾ ᠪᠠᠷ ᠪᠠᠰᠠ | ︽ᠰᠡᠳᠬᠢᠯ︾ ᠢᠶᠠᠷ ᠳᠠᠮᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠴᠠᠭ ᠪᠠ | ᠲᠤᠬᠠᠢ ᠶᠢᠨ ᠭᠠᠵᠠᠷ ᠲᠤᠨᠢ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯ ᠰᠡᠳᠦᠪᠲᠦ | ᠨᠠᠮ ᠤᠨ ᠬᠢᠴᠢᠶᠡᠯ᠂ LED ᠡᠯᠧᠺᠳ᠋ᠷᠣᠨ ᠳᠡᠯᠭᠡᠴᠡ᠂ ᠤᠯᠠᠨ ᠨᠡᠶᠢᠲᠡ ᠶᠢᠨ ᠳ᠋ᠤᠭᠠᠷ᠂ ᠠᠯᠪᠠᠨ ᠵᠢᠷᠤᠮ ᠤᠨ | ᠡᠮᠴᠢᠯᠡᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨᠴᠢᠯᠡᠬᠦ᠂ ᠤᠯᠠᠨ ᠬᠠᠷᠠᠭᠠᠰᠤ᠂ ᠪᠣᠰᠤᠭ᠎ᠠ ᠴᠣᠭᠴᠠᠲᠤ | ᠬᠡᠯᠪᠡᠷᠢ ᠪᠠᠷ ᠨᠠᠮ ᠤᠨ ᠦᠨᠳᠦᠰᠦᠲᠡᠨ ᠤ ᠤᠨᠤᠯ ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |