ᠵᠦᠸᠧᠽᠢ ᠰᠢᠶᠠᠨ 2025 ᠣᠨ ᠤ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ 17 ᠳ᠋ᠤᠭᠠᠷ ᠡᠳᠦᠷ ᠪᠣᠯᠤᠨ᠎ᠠ᠂ ᠵᠦᠸᠧᠽᠢ ᠰᠢᠶᠠᠨ 2025 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠡᠨᠡ ᠵᠢᠯ ᠤᠨ ᠠᠵᠢᠯᠯᠠᠭ᠎ᠠ ᠶᠢᠨ ᠭᠠᠷᠠᠭ ᠤᠨ ᠭᠤᠤᠯ ᠰᠡᠳᠦᠪ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠬᠤᠷᠠᠯ ᠤᠨ ᠪᠠᠴᠢᠮ ᠪᠠᠶᠢᠳᠠᠯ ᠢ ᠠᠷᠭᠠᠴᠠᠬᠤ - ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠪᠠᠷ ᠭᠤᠤᠯ ᠰᠡᠳᠦᠪ ᠪᠤᠯᠭᠠᠪᠠ᠃ ᠰᠢᠶᠠᠨ ᠤ ᠤᠳᠤᠷᠢᠳᠤᠯᠭ᠎ᠠ ᠰᠣᠯᠤᠨ ᠭᠤᠸ᠎ᠠ᠂ ᠸᠠᠩ ᠢᠦᠢ ᠯᠢᠨ᠂ ᠰᠢᠶᠠ ᠬᠤᠤ ᠶᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠰᠠᠮᠪᠠᠷ᠎ᠠ ᠪᠠ ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠵᠢᠯᠲᠠᠳ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠭᠠᠶ ᠭᠠᠮᠰᠢᠭ ᠤᠨ ᠠᠳᠡᠯ ᠤᠨ ᠬᠤᠤᠷ ᠬᠥᠨᠥᠭᠡᠯ ᠪᠠ ᠲᠦᠭᠰᠢᠭᠦᠷᠢ ᠶᠢ ᠰᠡᠷᠭᠡᠶᠢᠯᠡᠬᠦ ᠤᠷ᠎ᠠ ᠴᠢᠳᠠᠪᠤᠷᠢ ᠶᠢ ᠨᠢᠭᠤᠷᠲᠠᠨ ᠤᠬᠠᠭᠤᠯᠤᠨ ᠲᠠᠶᠢᠯᠪᠤᠷᠢᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠵᠢᠷᠦᠬᠡ ᠠᠭᠤᠰᠬᠢᠨ ᠤ ᠰᠡᠷᠭᠦᠭᠡᠯᠲᠡ᠂ ᠬᠡᠢ ᠶᠢᠨ ᠵᠠᠮ ᠤᠨ ᠣᠨᠳᠣᠤ ᠪᠣᠳᠠᠰ ᠤᠨ ᠲᠦᠭᠵᠢᠷᠡᠯ ᠢ ᠵᠢᠷᠤᠮᠵᠢᠭᠤᠯᠬᠤ ᠠᠵᠢᠯᠯᠠᠬᠤ ᠠᠷᠭ᠎ᠠ ᠪᠠ ᠰᠢᠷᠬ᠎ᠠ ᠶᠢ ᠠᠪᠤᠷᠠᠬᠤ᠂ ᠪᠠᠶᠢᠩᠭᠤ ᠲᠣᠬᠢᠶᠠᠯᠳᠤᠳᠠᠭ ᠲᠦᠷᠭᠡᠨ ᠡᠪᠡᠳᠴᠢᠨ ᠢ ᠰᠢᠢᠳᠪᠦᠷᠢᠯᠡᠬᠦ ᠠᠷᠭ᠎ᠠ ᠶᠢ ᠲᠤᠬᠠᠶ ᠶᠢᠨ ᠭᠠᠵᠠᠷ ᠲᠤᠨᠢ ᠦᠵᠡᠭᠦᠯᠦᠨ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠲᠦᠮᠡᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠳᠡᠯᠭᠡᠨ ᠦᠵᠡᠭᠦᠯᠵᠦ᠂ ᠣᠯᠠᠨ ᠲᠦᠮᠡᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
   
   ᠵᠦᠸᠧᠽᠢ ᠰᠢᠶᠠᠨ ᠶᠢᠨ ᠤᠯᠠᠭᠠᠨ ᠵᠠᠭᠠᠯᠮᠠᠢᠳᠠᠨ ᠤ ᠨᠡᠢᠭᠡᠮᠯᠢᠭ ᠤᠨ ᠰᠠᠢᠨ ᠳᠤᠷ᠎ᠠ ᠶᠢᠨ ᠠᠵᠢᠯᠯᠠᠭᠴᠢ ᠵᠠᠩ ᠵᠦᠸᠧ ᠲᠢᠩ    ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ᠪᠣᠯᠤᠭᠰᠠᠨ ᠤ ᠬᠤᠪᠢ ᠳᠤ᠂ ᠥᠨᠥᠳᠦᠷ ᠤᠨ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ᠂ ᠤᠴᠢᠷ ᠨᠢ ᠪᠢ ᠥᠪᠡᠷ ᠤᠨ ᠢᠶᠠᠨ ᠰᠤᠷᠤᠭᠰᠠᠨ᠂ ᠬᠤᠷᠠᠮᠳᠤᠭᠤᠯᠤᠭᠰᠠᠨ ᠨᠢᠭᠡ ᠪᠦᠯᠦᠭ ᠲᠦᠷᠭᠡᠨ ᠠᠪᠤᠷᠠᠬᠤ ᠮᠡᠳᠡᠯᠭᠡ ᠪᠠᠨ ᠪᠤᠰᠤᠳ ᠬᠥᠮᠦᠨ ᠳᠤ ᠳᠠᠮᠵᠢᠭᠤᠯᠵᠤ᠂ ᠨᠡᠩ ᠤᠯᠠᠨ ᠬᠥᠮᠦᠨ ᠢ ᠬᠠᠪᠰᠤᠷᠤᠨ ᠲᠦᠷᠭᠡᠨ ᠠᠪᠤᠷᠠᠬᠤ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠷ᠎ᠠ ᠴᠢᠳᠠᠪᠤᠷᠢ ᠶᠢ ᠡᠵᠡᠮᠰᠢᠭᠦᠯᠵᠦ ᠴᠢᠳᠠᠨ᠎ᠠ᠃    ᠵᠦᠸᠧᠽᠢ ᠰᠢᠶᠠᠨ ᠤ ᠬᠢᠨ ᠲᠤᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠬᠡᠯᠪᠡᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠭᠤᠣᠯᠳᠠᠯᠭ᠎ᠠ ᠲᠠᠢ ᠲᠠᠯᠠᠪᠤᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2