ᠣᠶᠢᠷ᠎ᠠ ᠳᠤ᠂ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠯᠠᠨ ᠴᠢ ᠲᠣᠰᠬᠤᠨ ᠳᠤ᠂ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠣᠯᠠᠨ ᠢᠶᠠᠷ ᠢᠶᠠᠨ | ᠬᠦᠷᠵᠡ ᠡᠷᠭᠢᠭᠦᠯᠦᠨ ᠰᠢᠷᠣᠢ ᠬᠤᠰᠤᠵᠤ᠂ ᠴᠢᠬᠢ ᠶᠢ ᠲᠦᠰᠢᠵᠦ ᠨᠦᠬᠡ ᠶᠢ ᠪᠥᠭᠯᠡᠵᠦ᠂ ᠬᠡᠳᠦᠨ ᠴᠠᠭ ᠤᠨ | ᠴᠢᠷᠮᠠᠶᠢᠯᠭ᠎ᠠ ᠪᠠᠷ 2000 ᠭᠠᠷᠤᠢ ᠰᠠᠭᠤᠷᠢ ᠭᠠᠴᠤᠷ᠎ᠠ ᠰᠠᠯᠬᠢᠨ ᠤ ᠠᠶ᠎ᠠ ᠪᠠᠷ ᠰᠦᠨᠳᠡᠷᠯᠡᠵᠦ᠂ ᠨᠢᠴᠦᠭᠦᠨ ᠠᠭᠤᠯᠠᠨ | ᠭᠠᠵᠠᠷ ᠲᠤ ︽ᠨᠣᠭᠤᠭᠠᠨ ᠬᠤᠪᠴᠠᠰᠤ︾ ᠨᠥᠮᠦᠷᠴᠡᠢ᠃ | ᠡᠨᠡ ᠵᠢᠯ ᠠᠴᠠ ᠨᠠᠰᠢ᠂ ᠵᠦᠸᠧᠽᠢ ᠰᠢᠶᠠᠨ ᠤᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ | ᠴᠤᠬᠴᠠᠵᠢᠭᠤᠯᠤᠨ ᠬᠠᠮᠠᠭᠠᠯᠠᠵᠤ ᠰᠡᠷᠭᠦᠭᠡᠬᠦ ᠲᠦᠷᠦᠯ ᠵᠦᠢᠯ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠲᠡᠬᠡᠨ ᠪᠠᠶᠢᠷᠢᠯᠠᠭᠤᠯᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠮᠣᠳᠣ ᠲᠠᠷᠢᠵᠤ ᠣᠶᠢᠵᠢᠭᠤᠯᠬᠤ ᠳᠤ ᠠᠰᠢᠭᠲᠠᠢ ᠴᠠᠭ ᠬᠤᠭᠤᠴᠠᠭ᠎ᠠ ᠶᠢ | ᠠᠮᠵᠢᠵᠤ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ | ︽ᠡᠨᠡ ᠵᠢᠯ ᠪᠢᠳᠡ ︿ᠭᠤᠷᠪᠠᠨ ᠤᠮᠠᠷᠠᠲᠤ﹀ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 11.97 ᠲᠦᠮᠡᠨ ᠮᠥ ᠣᠶ | ᠰᠢᠭᠤᠶ ᠡᠪᠡᠰᠦ ᠪᠡᠯᠴᠢᠭᠡᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠪᠠᠷ ᠲᠥᠯᠥᠪᠯᠡᠵᠦ᠂ ᠡᠭᠦᠨ ᠳᠤ | ᠮᠠᠭᠤᠳᠠᠭᠰᠠᠨ ᠣᠶ ᠶᠢ 9.97 ᠲᠦᠮᠡᠨ ᠮᠥ᠂ ᠳᠤᠮᠳᠠ ᠨᠢᠯᠬ᠎ᠠ ᠣᠶ ᠶᠢ 2 ᠲᠦᠮᠡᠨ ᠮᠥ ᠠᠷᠠᠴᠢᠯᠠᠨ ᠪᠤᠶᠢᠵᠢᠭᠤᠯᠪᠠ | ︔ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠶ᠋ᠯ 8.96 ᠲᠦᠮᠡᠨ ᠮᠥ ᠪᠠᠶᠢᠵᠤ᠂ | ᠡᠭᠦᠨ ᠳᠤ ᠲᠤᠷᠤᠭ ᠮᠣᠳᠣ ᠶᠢ 5000 ᠮᠥ ᠣᠶᠢᠵᠢᠭᠤᠯᠵᠤ᠂ ᠪᠣᠳᠠ ᠮᠣᠳᠣ ᠶᠢ 61093 ᠮᠥ ᠣᠶᠢᠵᠢᠭᠤᠯᠵᠤ᠂ | 23530 ᠮᠥ ᠣᠶ ᠰᠢᠭᠤᠶ ᠶᠢ ᠪᠢᠲᠡᠭᠦᠮᠵᠢᠯᠡᠨ ᠣᠶᠢᠵᠢᠭᠤᠯᠪᠠ︾᠃ ᠵᠤᠵᠤᠤᠽᠢ ᠰᠢᠶᠠᠨ ᠤ ᠤᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠢ ᠰᠢᠭᠤᠢ ᠶᠢᠨ ᠠᠵᠤ ᠦᠢᠯᠡᠳᠪᠦᠷᠢ ᠶᠢᠨ ᠦᠷᠳᠡᠭᠡ ᠶᠢᠨ ᠳᠠᠷᠤᠭ᠎ᠠ ᠵᠠᠩ | ᠴᠧᠩ ᠬᠤᠩ ᠬᠡᠯᠡᠪᠡ᠃ | ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ︽ᠠᠭᠤᠯᠠ ᠤᠰᠤ ᠤᠢ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ︾ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠶᠠᠨᠳᠠᠭᠠᠨ ᠰᠡᠷᠭᠦᠬᠦ ᠪᠠ ᠬᠥᠮᠦᠨ ᠤ ᠬᠦᠴᠦ ᠪᠠᠷ ᠰᠡᠷᠭᠦᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠤᠲᠤᠭ | ᠪᠡᠯᠴᠢᠭᠡᠷ᠂ ᠤᠢ ᠰᠢᠭᠤᠢ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠤᠨ ᠪᠦᠬᠦ ᠲᠠᠯ᠎ᠠ ᠶᠢᠨ᠂ ᠤᠯᠠᠨ | ᠲᠡᠰ ᠳᠠᠪᠬᠤᠷᠭ᠎ᠠ ᠶᠢᠨ ᠪᠦᠲᠦᠮᠵᠢᠲᠡᠢ ᠰᠡᠷᠭᠦᠭᠡᠯᠲᠡ ᠪᠠ ᠬᠠᠮᠠᠭᠠᠯᠠᠯᠲᠠ ᠶᠢ ᠠᠬᠢᠭᠤᠯᠵᠤ᠂ ᠳᠤᠮᠳᠠᠳᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ | ᠬᠤᠪᠢ ᠨᠡᠮᠡᠷᠢ ᠦᠵᠡᠭᠦᠯᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |