ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠲᠦᠮᠡᠨ ᠤ | ᠬᠠᠤᠯᠢ ᠪᠠᠷ ᠵᠠᠰᠠᠬᠤ ᠪᠠ ᠡᠷᠡᠭᠦᠯ ᠮᠡᠨᠳᠦ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠃ 5 | ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠪᠠᠶᠠᠨᠰᠢᠯᠢ ᠪᠠᠯᠭᠠᠰᠤ ︽ᠨᠠᠮ ᠤᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ ᠬᠦᠴᠦ ᠪᠠᠨ ᠬᠠᠮᠲᠤᠳᠬᠠᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ︾ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠥᠷᠨᠢᠭᠦᠯᠪᠡ᠃ ᠪᠦᠬᠦ | ᠪᠠᠯᠭᠠᠰᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠡᠷᠭᠡ ᠤᠯᠠᠨ ᠲᠠᠯ᠎ᠠ ᠶᠢᠨ | ᠬᠦᠴᠦᠨ ᠢ ᠢᠳᠡᠪᠬᠢᠲᠡᠢ ᠴᠤᠤᠷᠢᠶᠠᠲᠤᠨ ᠳᠠᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠪᠠᠷ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠪᠬᠠᠳᠠᠪᠠ᠃ | ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠴᠢᠩᠭ᠎ᠠ ᠪᠠᠶᠢᠷᠢᠯᠠᠭᠤᠯᠤᠯᠲᠠ ᠬᠢᠵᠦ᠂ ᠬᠠᠮᠲᠤᠷᠠᠯ ᠤᠨ | ᠬᠦᠴᠦᠨ ᠢ ᠨᠢᠭᠲᠠᠷᠠᠭᠤᠯᠵᠤ ᠰᠢᠨ᠎ᠡ ᠠᠶᠠᠨ ᠢ ᠡᠬᠢᠯᠡᠭᠦᠯᠦᠨ᠎ᠡ᠃ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ᠂ | ᠪᠠᠯᠭᠠᠰᠤᠨ ᠤ ᠨᠠᠮ ᠤᠨ ᠬᠤᠷᠢᠶ᠎ᠠ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠡᠳ᠋ ᠪᠣᠳᠠᠰ ᠤᠨ ᠪᠡᠯᠡᠳᠬᠡᠯ᠂ | ᠣᠷᠣᠨ ᠪᠦᠰᠡ ᠶᠢᠨ ᠬᠤᠪᠢᠶᠠᠷᠢᠯᠠᠯᠲᠠ᠂ ᠠᠵᠢᠯᠲᠠᠨ ᠤ ᠳᠤᠭᠤᠶᠢᠯᠠᠩ ᠬᠤᠪᠢᠶᠠᠬᠤ ᠵᠢᠴᠢ ᠳᠠᠶᠢᠴᠢᠯᠠᠬᠤ ᠮᠡᠳᠡᠭᠳᠡᠯ | ᠵᠡᠷᠭᠡ ᠠᠵᠢᠯ ᠢ 3 ᠡᠳᠦᠷ ᠤᠷᠢᠳᠴᠢᠯᠠᠨ ᠪᠡᠶᠡᠯᠡᠭᠦᠯᠪᠡ᠃ ᠠᠵᠢᠯᠯᠠᠭ᠎ᠠ ᠶᠢᠨ ᠲᠤᠬᠠᠶ ᠶᠢᠨ ᠡᠳᠦᠷ᠂ ᠪᠥᠬᠦ ᠠᠵᠢᠯᠲᠠᠳ | ᠪᠠᠯᠭᠠᠰᠤᠨ ᠤ ᠵᠠᠰᠠᠭ ᠤᠨ ᠣᠷᠳᠣᠨ ᠤ ᠬᠦᠷᠢᠶᠡᠨ ᠳᠤ ᠴᠤᠭᠯᠠᠷᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠣᠰ ᠤᠳᠠᠭᠠᠨ ᠤ ᠠᠵᠢᠯᠯᠠᠭ᠎ᠠ ᠪᠣᠯ ᠨᠠᠮ ᠤᠨ ᠪᠠᠶᠢᠭᠤᠯᠤᠯᠲᠠ ᠬᠢᠭᠡᠳ | ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠴᠢᠬᠤᠯᠠ ᠦᠶ᠋ᠯᠡᠳᠦᠯᠭᠡ ᠮᠥᠨ᠂ | ᠡᠭᠦᠷᠭᠡ ᠶᠢᠨ ᠬᠤᠪᠢᠶᠠᠷᠢᠯᠠᠯ ᠬᠢᠭᠡᠳ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯᠯᠠᠭ᠎ᠠ ᠶᠢ ᠥᠨᠳᠥᠷ | ᠪᠦᠲᠦᠮᠵᠢᠲᠡᠶ ᠪᠠᠷ ᠥᠷᠨᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠬᠥᠮᠦᠰ ᠤᠨ | ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃ | | ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠪᠣᠳᠠᠲᠠᠢ ᠠᠷᠭ᠎ᠠ ᠬᠡᠮᠵᠢᠶ᠎ᠡ ᠠᠪᠴᠤ ᠲᠠᠷᠢᠶᠠᠨ ᠭᠠᠵᠠᠷ ᠤᠨ | ᠱᠢᠨ᠎ᠡ ᠳᠦᠷᠰᠦ ᠪᠠᠢᠳᠠᠯ ᠢ ᠪᠣᠢ ᠪᠣᠯᠭᠠᠶ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠳᠤᠭᠤᠶᠢᠯᠠᠩ ᠦᠳᠲᠡᠷ ᠲᠦᠷᠭᠡᠨ ᠬᠥᠳᠡᠯᠦᠯᠴᠡᠵᠦ᠂ ᠵᠠᠮ ᠳᠠᠭᠠᠤ᠂ ᠤᠯᠠᠨ ᠨᠡᠶᠢᠲᠡ ᠶᠢᠨ ᠣᠷᠣᠨ ᠪᠦᠰᠡ ᠪᠣᠯᠤᠨ | ᠲᠠᠷᠢᠶᠠᠨ ᠭᠠᠵᠠᠷ ᠲᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠦᠨ᠎ᠡ᠃ ᠲᠠᠷᠢᠶᠠᠨ ᠭᠠᠵᠠᠷ ᠢ ᠴᠡᠪᠡᠷᠯᠡᠬᠦ | ᠠᠵᠢᠯ ᠳᠤᠮᠳᠠ᠂ ᠦᠯᠡᠳᠡᠭᠳᠡᠯ ᠰᠦᠯᠢᠶᠣᠣ ᠪᠦᠷᠬᠦᠪᠴᠢ ᠶᠢ ᠴᠡᠪᠡᠷᠯᠡᠬᠦ ᠨᠢ ᠬᠦᠨᠳᠦ ᠴᠢᠬᠤᠯᠠ ᠵᠦᠢᠯ ᠪᠣᠯᠪᠠ᠃ | ᠴᠡᠭᠴᠡᠯᠡᠨ ᠵᠠᠰᠠᠬᠤ ᠳᠤᠭᠤᠶᠢᠯᠠᠩ ᠤᠨ ᠬᠥᠮᠦᠰ ᠪᠠᠭᠠᠵᠢ ᠬᠡᠷᠡᠭᠰᠡᠯ ᠢᠶᠠᠨ ᠠᠪᠴᠤ᠂ ᠲᠠᠷᠢᠶᠠᠨ ᠭᠠᠵᠠᠷ ᠢᠶᠠᠷ | ᠰᠦᠯᠵᠢᠯᠳᠦᠨ ᠭᠤᠤ ᠰᠤᠪᠠᠭ᠂ ᠲᠠᠷᠢᠶᠠᠨ ᠳᠠᠯᠠᠩ᠂ ᠥᠨᠴᠥᠭ ᠪᠤᠯᠤᠩ ᠵᠡᠷᠭᠡ ᠳᠠᠯᠳᠠ ᠭᠠᠵᠠᠷ ᠤᠨ ᠰᠦᠯᠢᠶᠣᠣ | ᠪᠦᠷᠬᠦᠪᠴᠢ ᠶᠢ ᠨᠠᠷᠢᠨ ᠬᠢᠨᠠᠮᠠᠭᠠᠶ ᠴᠡᠪᠡᠷᠯᠡᠵᠦ᠂ ᠲᠣᠮᠣ ᠬᠡᠰᠡᠭᠲᠦ ᠰᠦᠯᠢᠶᠣᠣ ᠪᠦᠷᠬᠦᠪᠴᠢ ᠶᠢ ᠲᠥᠪᠯᠡᠷᠡᠭᠦᠯᠦᠨ | ᠴᠤᠭᠯᠠᠭᠤᠯᠵᠤ᠂ ᠵᠢᠵᠢᠭ ᠬᠡᠮᠬᠡᠳᠡᠭ ᠬᠡᠰᠡᠭ ᠢ ᠨᠢᠭᠡᠳ ᠨᠢᠭᠡ ᠪᠠᠷ ᠲᠡᠭᠦᠵᠦ ᠠᠪᠴᠠᠢ᠃ ᠬᠡᠳᠦᠨ ᠴᠠᠭ ᠤᠨ | ᠴᠢᠷᠮᠠᠶᠢᠯᠭ᠎ᠠ ᠪᠠᠷ ᠳᠡᠮᠵᠢᠨ᠂ ᠶᠡᠭᠡ ᠬᠡᠮᠵᠢᠶᠡᠨ ᠤ ᠦᠯᠡᠳᠡᠭᠳᠡᠯ ᠰᠦᠯᠢᠶᠣᠣ ᠪᠦᠷᠬᠦᠪᠴᠢ ᠶᠢ ᠴᠡᠪᠡᠷᠯᠡᠨ ᠭᠠᠷᠭᠠᠵᠤ᠂ | ᠲᠠᠷᠢᠶᠠᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢᠨ ᠬᠠᠮᠲᠤ ᠡᠷᠬᠢᠨ | ᠲᠣᠭᠤᠷᠢᠨ ᠤ ᠣᠯᠠᠨ ᠲᠦᠮᠡᠨ ᠳᠤ ᠰᠦᠯᠢᠶᠣᠣ ᠪᠦᠷᠬᠦᠪᠴᠢ ᠶᠢᠨ ᠪᠣᠬᠢᠷᠲᠤᠯ ᠤᠨ ᠬᠤᠤᠷ ᠬᠥᠨᠥᠭᠡᠯ ᠬᠢᠭᠡᠳ ᠣᠷᠴᠢᠨ | ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ᠪᠣᠬᠢᠷᠲᠤᠯ ᠥᠬᠡᠶ ᠦᠢᠯᠡᠳᠪᠦᠷᠢᠯᠡᠯ ᠤᠨ ᠤᠬᠠᠮᠰᠠᠷ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠬᠠᠮᠲᠤ ᠪᠠᠷ ᠰᠠᠬᠢᠨ ᠬᠠᠮᠠᠭᠠᠯᠠᠪᠠ᠃ | ᠣᠯᠠᠨ ᠡᠰᠢᠲᠦ ᠤᠬᠠᠭᠤᠯᠭ᠎ᠠ ᠥᠷᠭᠡᠨ ᠪᠦᠷᠬᠦᠴᠡ ᠲᠠᠢ᠂ ᠰᠡᠷᠭᠡᠶᠢᠯᠡᠯᠲᠡ ᠶᠢᠨ ᠱᠤᠭᠤᠮ ᠢᠶᠠᠨ ᠪᠠᠲᠤ | ᠴᠣᠭᠴᠠᠯᠠᠨ᠎ᠠ᠃ ᠡᠯ᠎ᠡ ᠤᠬᠠᠭᠤᠯᠬᠤ ᠳᠤᠭᠤᠶᠢᠯᠠᠩ ᠵᠡᠷᠭᠡᠪᠡᠷ ᠡᠯ᠎ᠡ ᠲᠣᠰᠬᠤᠨ ᠳᠤ ᠭᠦᠨᠵᠡᠭᠡᠶᠢᠷᠡᠨ ᠠᠵᠢᠯ ᠢᠶᠠᠨ | ᠥᠷᠨᠢᠭᠦᠯᠪᠡ᠃ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠳᠤᠭᠤᠶᠢᠯᠠᠩ ᠬᠥᠨᠳᠡᠯᠡᠨ ᠪᠢᠴᠢᠭᠡᠰᠦ ᠡᠯᠭᠦᠬᠦ᠂ | ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠬᠤᠤᠷᠲᠤ ᠡᠳ᠋ ᠤᠨ ᠬᠤᠤᠷ ᠬᠥᠨᠥᠭᠡᠯ ᠢ | ᠢᠯᠡᠴᠢᠯᠡᠬᠦ ᠪᠠ ᠬᠤᠤᠷᠲᠤ ᠡᠳ᠋ ᠳᠠᠷᠢᠬᠤ ᠬᠠᠤᠯᠢ ᠴᠠᠭᠠᠵᠠ ᠶᠢᠨ ᠦᠷ᠎ᠡ ᠳ᠋ᠦᠩ ᠢ ᠢᠯᠡᠷᠡᠭᠦᠯᠬᠦ ᠶᠢᠨ ᠬᠠᠮᠲᠤ ᠠᠲᠠᠷ | ᠬᠥᠲᠥᠯ᠂ ᠬᠠᠶᠠᠭᠳᠠᠮᠠᠯ ᠬᠦᠷᠢᠶ᠎ᠡ ᠬᠠᠰᠢᠶ᠎ᠠ ᠵᠡᠷᠭᠡ ᠣᠷᠣᠨ ᠪᠦᠰᠡ ᠳᠤ ᠵᠢᠭᠰᠠᠭᠠᠨ ᠪᠠᠶᠢᠴᠠᠭᠠᠯᠲᠠ ᠬᠢᠵᠦ᠂ | ᠲᠠᠷᠢᠮᠠᠯ ᠤᠨ ᠳᠠᠯᠳᠠ ᠬᠡᠮ ᠢ ᠠᠷᠢᠯᠭᠠᠪᠠ︔ ᠦᠨᠳᠦᠰᠦᠲᠡᠨ ᠤ ᠬᠠᠤᠯᠢ ᠲᠦᠷᠢᠮ ᠤᠨ ᠤᠬᠠᠭᠤᠯᠬᠤ ᠳᠤᠭᠤᠶᠢᠯᠠᠩ | ᠬᠥᠮᠦᠨ ᠬᠠᠷ᠎ᠠ ᠲᠥᠪᠯᠡᠷᠡᠭᠰᠡᠨ ᠭᠠᠵᠠᠷ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠲᠦᠭᠡᠮᠡᠯᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ︔ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠤᠬᠠᠭᠤᠯᠭ᠎ᠠ ᠶᠢᠨ ᠳᠤᠭᠤᠶᠢᠯᠠᠩ ᠡᠷᠡᠭᠦᠯ ᠰᠠᠷᠠᠭᠤᠯ ᠠᠮᠢᠳᠤᠷᠠᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ | ᠪᠣᠯᠪᠠᠰᠤᠨ ᠡᠷᠡᠭᠦᠯ ᠬᠠᠮᠠᠭᠠᠯᠠᠯ ᠤᠨ ᠳᠠᠳᠬᠠᠯ ᠢ ᠰᠠᠨᠠᠭᠠᠴᠢᠯᠠᠪᠠ︔ ᠣᠶᠤᠨ ᠰᠠᠨᠠᠭᠠᠨ ᠤ ᠡᠷᠡᠭᠦᠯ ᠮᠡᠨᠳᠦ ᠶᠢᠨ | ᠤᠬᠠᠭᠤᠯᠭ᠎ᠠ ᠶᠢᠨ ᠳᠤᠭᠤᠶᠢᠯᠠᠩ ᠬᠡᠷᠡᠭ ᠤᠨ ᠵᠢᠱᠢᠶ᠎ᠡ ᠪᠠᠷ ᠰᠡᠳᠬᠢᠴᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠤᠭᠤᠯᠪᠠ︔ ᠱᠠᠰᠢᠨ | ᠰᠤᠷᠲᠠᠬᠤᠨ ᠤ ᠤᠬᠠᠭᠤᠯᠬᠤ ᠳᠤᠭᠤᠶᠢᠯᠠᠩ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠲᠠᠶᠢᠯᠪᠤᠷᠢᠯᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠱᠠᠰᠢᠨ | ᠰᠤᠷᠲᠠᠬᠤᠨ ᠤ ᠠᠵᠢᠯᠯᠠᠭ᠎ᠠ ᠥᠷᠨᠢᠭᠦᠯᠪᠡ᠃ ᠤᠯᠠᠨ ᠲᠦᠮᠡᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠤᠯᠠᠨ | ᠲᠠᠯ᠎ᠠ ᠠᠴᠠ ᠤᠬᠠᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |