ᠵᠦᠸᠧᠽᠢ ᠰᠢᠶᠠᠨ ︽ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠤᠮᠠᠷᠠᠲᠤ ᠬᠢᠯᠢ ᠶᠢᠨ ᠵᠦᠸᠧᠽᠢ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠪᠠᠳᠠᠷᠠᠭᠤᠯᠬᠤ︾ ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2025/5/21
    ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 106 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 19 ᠤ ᠡᠳᠦᠷ᠂ ᠵᠦᠸᠧᠽᠢ ᠰᠢᠶᠠᠨ ︽ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠪᠠᠷ ᠤᠮᠠᠷᠠᠲᠤ ᠬᠢᠯᠢ ᠶᠢᠨ ᠵᠦᠸᠧᠽᠢ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠪᠠᠳᠠᠷᠠᠭᠤᠯᠬᠤ︾ ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠶᠠᠪᠤᠭᠤᠯᠵᠤ᠂ ᠵᠠᠯᠠᠭᠤ ᠨᠠᠰᠤᠨ ᠤ ᠲᠠᠭᠤᠨ ᠢᠶᠠᠷ ᠬᠠᠷᠢᠭᠤᠴᠠᠯᠭ᠎ᠠ ᠡᠭᠦᠷᠭᠡᠯᠡᠯ ᠢᠶᠠᠨ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠢᠯᠡᠷᠡᠭᠦᠯᠪᠡ᠃        ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠤ ᠣᠷᠣᠯᠴᠠᠭᠴᠢ ᠪᠦᠬᠦ ᠰᠢᠶᠠᠨ ᠤ ᠡᠯ᠎ᠡ ᠬᠦᠷᠢᠶᠡᠨ ᠤ ᠵᠠᠯᠠᠭᠤ ᠭᠤᠣᠯᠯᠠᠭᠴᠢ ᠬᠦᠴᠦᠨ ᠢ ᠲᠥᠪᠯᠡᠷᠡᠭᠦᠯᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠳᠡᠭ ᠵᠠᠯᠠᠭᠤ ᠺᠠᠳ᠋ᠷᠴᠤᠳ ᠪᠠᠰᠠ ᠭᠤᠷᠪᠠᠨ ᠲᠤᠬᠤᠢ ᠶᠠᠷᠢᠶᠠᠨ ᠤ ᠲᠠᠪᠴᠠᠩ ᠢ ᠪᠠᠲᠤ ᠰᠠᠬᠢᠵᠤ ᠂ ᠦᠭᠡ ᠳᠠᠭᠤᠨ ᠦᠭᠡᠢ ᠪᠠᠷ ᠠᠵᠢᠯᠯᠠᠵᠤ ᠪᠠᠶᠢᠭ᠎ᠠ ᠵᠠᠯᠠᠭᠤ ᠪᠠᠭᠰᠢ ᠪᠤᠢ᠂ ᠲᠡᠳᠡ ᠥᠪᠡᠷ ᠤᠨ ᠠᠵᠢᠯ ᠤᠨ ᠪᠠᠶᠢᠷᠢ ᠶᠢᠨ ᠦᠢᠯᠡᠳᠦᠯᠭᠡ ᠲᠠᠢ ᠪᠠᠨ ᠤᠶᠠᠯᠳᠤᠭᠤᠯᠵᠤ᠂ ᠠᠮᠢᠳᠤ ᠰᠣᠷᠭᠤᠭ ᠪᠣᠳᠠᠲᠤ ᠵᠢᠱᠢᠶ᠎ᠡ ᠪᠣᠯᠤᠨ ᠴᠢᠩ ᠦᠨᠡᠨᠴᠢ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠳᠠᠬᠢ ᠲᠡᠮᠡᠴᠡᠯ ᠤᠨ ᠦᠯᠢᠬᠡᠷ ᠢ ᠶᠠᠷᠢᠵᠤ᠂ ᠭᠠᠷᠮᠠᠭᠠᠢ ᠵᠠᠯᠠᠭᠤᠴᠤᠳ ᠪᠣᠯᠤᠨ ᠴᠠᠭ ᠦᠶ᠎ᠡ ᠶᠢᠨ ᠬᠠᠮᠲᠤ ᠶᠢᠨ ᠴᠢᠷᠮᠠᠶᠢᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠲᠠᠮᠢᠷᠴᠢᠳ ᠤᠨ ᠭᠤᠶᠢᠳᠠ ᠰᠠᠶᠢᠬᠠᠨ ᠶᠠᠷᠢᠶ᠎ᠠ ᠢᠯᠡᠳᠬᠡᠯ ᠨᠢ ᠦᠵᠡᠭᠴᠢᠳ ᠤᠨ ᠬᠦᠷᠢᠶᠡᠯᠡᠯ ᠢ ᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠵᠤ᠂ ᠤᠷᠤᠯᠳᠤᠭᠠᠨ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠪᠠ᠃      ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠵᠦᠸᠧᠽᠢ ᠶᠢᠨ ᠵᠠᠯᠠᠭᠤᠴᠤᠳ ᠲᠤ ᠴᠤᠭ ᠵᠢᠪᠬᠤᠭ᠎ᠠ ᠪᠠᠨ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠦᠬᠦ ᠰᠢᠶᠠᠨ ᠤ ᠵᠠᠯᠠᠭᠤᠴᠤᠳ ᠤᠨ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠤᠲᠤᠭ ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠵᠦᠸᠧᠽᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2