5 ᠰᠠᠷ᠎ᠠ ᠶᠢᠨ 13 ᠤ ᠡᠳᠦᠷ᠂ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠰᠢᠶᠠᠩ | ᠲᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠢᠳᠡᠭᠡᠨ ᠤ | ᠮᠦᠬᠦ ᠶᠢᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠭᠡᠷ᠎ᠡ ᠲᠣᠭᠲᠠᠬᠤ | ᠶᠣᠰᠣᠯᠠᠯ ᠬᠤᠷᠠᠯ ᠤᠨ ᠲᠥᠪ ᠲᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠶᠤᠤ ᠬᠠᠢ ᠮᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠰᠦ᠋ ᠹᠦ᠋ ᠯᠢᠶᠠᠩ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠫᠠᠨ ᠯᠦᠩ ᠶᠠ ᠵᠢᠴᠢ ᠰᠢᠶᠠᠩ ᠲᠢᠶᠠᠨ ᠳᠡᠭᠡᠳᠦ ᠵᠡᠷᠭᠡ ᠶᠢᠨ ᠪᠠᠶᠢᠯᠳᠤᠬᠤ ᠪᠤᠳᠤᠯᠭ᠎ᠠ ᠶᠢᠨ | ᠬᠤᠷᠰᠢᠭᠴᠢ ᠸᠠᠩ ᠸᠧᠢ ᠨᠡᠷ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ | ᠰᠢᠶᠠᠩ ᠲᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ | ᠰᠢᠩᠭᠡᠨ ᠪᠡᠶᠡᠲᠦ ᠮᠥᠭᠦ ᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠢᠳᠡᠭᠡᠨ ᠤ ᠮᠦᠬᠦ ᠶᠢᠨ ᠰᠢᠳᠠᠮ ᠢ | ᠣᠶᠤᠨᠴᠢ ᠪᠠᠷ ᠦᠢᠯᠡᠳᠪᠦᠷᠢᠯᠡᠬᠦ ᠢᠵᠢ ᠪᠦᠷᠢᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠶ᠋ᠯᠡᠳᠬᠦ᠂ | ᠮᠥᠭᠦ ᠶᠢᠨ ᠰᠢᠳᠠᠮ ᠢ ᠦᠢᠯᠡᠳᠪᠦᠷᠢᠯᠡᠵᠦ ᠪᠣᠷᠣᠯᠠᠭᠤᠯᠬᠤ᠂ ᠢᠳᠡᠭᠡᠨ ᠤ ᠮᠥᠭᠦ ᠶᠢ ᠳᠠᠷᠢᠵᠤ ᠪᠣᠷᠣᠯᠠᠭᠤᠯᠬᠤ ᠵᠢᠴᠢ | ᠨᠠᠷᠢᠯᠢᠭ ᠡᠳ᠋ᠰᠢᠭᠦᠯᠬᠦ ᠶᠢ ᠨᠢᠭᠡ ᠴᠤᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ᠎ᠠ᠃ | ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠢᠳᠡᠭᠡᠨ ᠤ ᠮᠥᠭᠦ ᠶᠢ ᠳᠠᠷᠢᠬᠤ | ᠵᠢᠴᠢ ᠡᠳ᠋ᠰᠢᠭᠦᠯᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠬᠤᠯᠪᠣᠭᠠᠲᠤ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠲᠣᠭᠲᠠᠬᠤ ᠪᠣᠯᠤᠨ᠎ᠠ᠃ | ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠭᠡᠷᠡᠴᠢᠯᠡᠭᠡ ᠪᠠᠷ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠰᠦ᠋ ᠹᠦ᠋ ᠯᠢᠶᠠᠩ | ᠵᠦᠸᠧᠽᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠰᠢᠶᠠᠩ ᠲᠢᠶᠠᠨ | ᠢᠳᠡᠭᠡᠨ ᠤ ᠮᠦᠬᠦ ᠶᠢᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠠᠢ᠃ | ᠲᠣᠰ ᠲᠥᠷᠥᠯ ᠵᠦᠢᠯ ᠤᠨ ᠭᠠᠵᠠᠷ ᠢ ᠰᠣᠩᠭᠤᠬᠤ ᠨᠢ ᠵᠦᠸᠧᠽᠢ ᠰᠢᠶᠠᠨ ᠤ ᠴᠢ ᠰᠢᠶᠠ ᠶᠢᠩ ᠪᠠᠯᠭᠠᠰᠤᠨ ᠳᠤ | ᠪᠠᠶᠢᠵᠤ᠂ ᠪᠠᠷᠤᠭ 428 ᠮᠥ ᠭᠠᠵᠠᠷ ᠬᠡᠷᠡᠭᠯᠡᠬᠦ ᠪᠠᠷ ᠲᠥᠯᠥᠪᠵᠢᠭᠦᠯᠵᠦ᠂ ᠭᠤᠷᠪᠠᠨ ᠬᠤᠭᠤᠴᠠᠭ᠎ᠠ ᠬᠤᠪᠢᠶᠠᠨ | ᠪᠥᠲᠥᠭᠡᠨ ᠪᠠᠶᠢᠭᠤᠯᠵᠤ᠂ ᠡᠭᠦᠨ ᠳᠤ ᠨᠢᠭᠡᠳᠦᠭᠡᠷ ᠬᠤᠭᠤᠴᠠᠭᠠᠨ ᠳᠤ ᠡᠳᠦᠷ ᠲᠤ 5 ᠲᠦᠮᠡᠨ ᠰᠢᠳᠠᠮᠯᠢᠭ ᠮᠥᠭᠦ ᠶᠢᠨ | ᠰᠢᠳᠠᠮ ᠢ ᠨᠠᠶᠢᠳᠠᠪᠤᠷᠢᠵᠢᠭᠤᠯᠵᠤ᠂ ᠵᠢᠯ ᠤᠨ ᠦᠢᠯᠡᠳᠬᠦᠨ ᠤ ᠥᠷᠲᠡᠭ ᠨᠢ 7000 ᠲᠦᠮᠡᠨ ᠲᠥᠭᠦᠷᠢᠭ ᠠᠴᠠ | ᠳᠡᠭᠡᠭᠰᠢ ᠪᠣᠯᠤᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |