ᠵᠤᠨ ᠤ ᠡᠬᠢ ᠪᠠᠷ᠂ ᠲᠦᠮᠡᠨ ᠪᠣᠳᠠᠰ ᠠᠮᠢᠯᠠᠨ ᠮᠠᠨᠳᠤᠵᠤ᠂ ᠠᠭᠤᠷ ᠠᠮᠢᠰᠬᠤᠯ ᠲᠠᠭᠠᠯᠠᠮᠵᠢᠲᠠᠶ ᠪᠠᠶᠢᠵᠤ᠂ ᠡᠬᠡ | ᠭᠠᠵᠠᠷ ᠲᠤ ᠴᠡᠴᠡᠭ ᠬᠤᠸᠠᠷ ᠮᠢᠷᠠᠯᠵᠠᠨ ᠳᠡᠯᠭᠡᠷᠡᠵᠦ᠂ ᠬᠤᠲᠠ᠂ ᠵᠡᠭᠡᠯᠢ ᠭᠤᠳᠤᠮᠵᠢ᠂ ᠰᠠᠭᠤᠭᠠᠯᠢ ᠲᠣᠭᠤᠷᠢᠭ᠂ | ᠴᠡᠴᠡᠷᠯᠢᠭ ᠲᠤ ᠭᠠᠵᠠᠷ ᠪᠣᠯᠭᠠᠨ ᠳᠤ ᠬᠤᠸᠠᠷ ᠴᠡᠴᠡᠭ ᠮᠢᠷᠠᠯᠵᠠᠨ ᠳᠡᠯᠭᠡᠷᠡᠵᠦ᠂ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠭᠡᠷ ᠠᠴᠠ ᠪᠠᠨ ᠭᠠᠷᠴᠤ᠂ ᠵᠣᠨ ᠤ ᠰᠠᠶᠢᠬᠠᠨ | ᠦᠵᠡᠮᠵᠢ ᠶᠢ ᠪᠠᠭ᠋ᠠᠷᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠦᠸᠧᠽᠢ ᠶᠢᠨ | ᠵᠣᠯ ᠵᠢᠷᠭᠠᠯ ᠤᠨ ᠳᠤᠯᠠᠭᠠᠨ ᠢ ᠣᠶᠢᠯᠠᠭᠠᠪᠠ᠃ | | ᠯᠦᠩ ᠱᠧᠩ ᠴᠡᠴᠡᠷᠯᠢᠭ ᠪᠣᠯ ᠵᠦᠸᠧ ᠪᠠᠯᠭᠠᠰᠤᠨ ᠤ ᠬᠤᠲᠠ ᠶᠢᠨ ᠲᠣᠭᠤᠷᠢᠭ ᠤᠨ ᠵᠡᠭᠦᠨ ᠡᠮᠦᠨ᠎ᠡ ᠬᠡᠰᠡᠭ ᠲᠤ | ᠪᠠᠢᠷᠢᠯᠠᠵᠤ᠂ ᠤᠯᠤᠰ ᠤᠨ ᠳᠡᠰ ᠤᠨ ᠣᠢ ᠱᠢᠭᠤᠢ ᠶᠢᠨ ᠴᠡᠴᠡᠷᠯᠢᠭ ᠪᠠᠢᠵᠤ᠂ ᠪᠠᠰᠠ ᠴᠤ᠋ ᠲᠤᠰ ᠭᠠᠵᠠᠷ ᠤᠨ | ᠰᠠᠭᠤᠭᠠᠯᠢ ᠠᠷᠠᠳ ᠤᠨ ᠰᠡᠯᠡᠭᠦᠴᠡᠯ ᠤᠨ ᠦᠵᠡᠮᠵᠢᠲᠦ ᠣᠷᠣᠨ ᠪᠠ ᠭᠠᠳᠠᠷ ᠣᠷᠣᠨ ᠤ ᠵᠤᠭᠠᠴᠠᠭᠰᠠᠳ ᠤᠨ ᠬᠠᠯᠠᠭᠤᠨ | ᠺᠠᠷᠲ ᠪᠣᠯᠤᠨ᠎ᠠ᠃ ᠮᠣᠷᠣᠢ ᠰᠠᠷᠤᠢ ᠵᠥᠷᠢᠭ ᠵᠠᠮ ᠢᠶᠠᠷ ᠠᠯᠬᠤᠵᠤ ᠢᠭᠴᠤ ᠰᠠᠬᠤᠯᠢᠭ ᠣᠢ ᠮᠣᠳᠣᠨ ᠤ ᠬᠤᠸᠠᠷ | ᠡᠪᠡᠰᠦᠨ ᠤ ᠳᠤᠮᠳᠠ ᠲᠣᠭᠤᠷ ᠤᠨ ᠴᠡᠴᠡᠭ᠂ ᠭᠦᠢᠯᠡᠰᠦᠨ ᠴᠡᠴᠡᠭ᠂ ᠭᠤᠣᠯᠲᠤ ᠠᠩᠬᠢᠯᠤᠮ᠎ᠠ ᠴᠡᠴᠡᠭ ᠵᠡᠷᠭᠡ ᠨᠢ | ᠥᠩᠭᠡ ᠢᠯᠭᠠᠷ ᠠᠨ ᠳᠡᠯᠭᠡᠷᠡ ᠵᠦ᠂ ᠠᠭᠤᠯᠠᠨ ᠰᠠᠯᠬᠢ ᠨᠢᠭᠤᠷ ᠢᠯ ᠵᠠᠭ ᠤᠨ᠂ ᠴᠡᠴᠡᠭ ᠤᠨ ᠠᠩᠬᠢᠯᠤᠮ᠎ᠠ | ᠦᠨᠦᠷ ᠨᠢ ᠳᠡᠯ ᠢᠭᠦᠦ ᠪᠠᠢᠵᠤ᠂ ᠵᠤᠨ ᠤ ᠴᠡᠴᠡᠷᠯᠢᠭ ᠲᠤ ᠠᠮᠢᠳᠤᠯᠢᠭ ᠠᠭᠤᠷ ᠠᠮᠢᠰᠭᠤᠯ ᠨᠡᠮᠡᠷᠢᠯᠡᠭᠰᠡᠨ ᠪᠠᠢᠨ᠎ᠠ᠃ | ᠰᠠᠭᠤᠭᠠᠯᠢ ᠠᠷᠠᠳ ᠪᠤᠶᠤ ᠰᠡᠯᠡᠭᠦᠴᠡᠨ ᠠᠯᠬᠤᠯᠠᠵᠤ᠂ ᠬᠤᠸᠠᠷ ᠴᠡᠴᠡᠭ ᠰᠣᠨᠢᠷᠬᠠᠬᠤ᠂ ᠡᠰᠡᠬᠦᠯ᠎ᠡ ᠤᠷᠲᠤ ᠰᠠᠨᠳᠠᠯᠢ | ᠳᠡᠭᠡᠷ᠎ᠡ ᠰᠠᠭᠤᠵᠤ ᠠᠮᠠᠷᠠᠨ ᠰᠡᠯᠡᠭᠦᠴᠡᠵᠦ᠂ ᠲᠠᠭᠠᠯᠠᠮᠵᠢᠲᠠᠶ ᠢᠨᠢᠶᠡᠮᠰᠦᠭᠯᠡᠯ ᠨᠢ ᠡᠶ᠎ᠡ ᠵᠣᠬᠢᠴᠠᠯ ᠲᠠᠢ ᠰᠠᠶᠢᠨ ᠰᠠᠶᠢᠬᠠᠨ | ᠵᠤᠨ ᠤ ᠵᠡᠭᠡᠯᠢ ᠶᠢᠨ ᠦᠵᠡᠮᠵᠢ ᠶᠢᠨ ᠵᠢᠷᠤᠭ ᠢ ᠲᠠᠲᠠᠵᠤ ᠭᠠᠷᠭᠠᠪᠠ᠃ | ᠵᠦᠸᠧᠽᠢ ᠰᠢᠶᠠᠨ ᠤ ᠰᠠᠭᠤᠭᠠᠯᠢ ᠠᠷᠠᠳ ᠾᠧ ᠶᠦᠩ ᠰᠢᠨ | ᠡᠨᠡ ᠬᠡᠳᠦᠨ ᠵᠢᠯ ᠮᠠᠨ ᠤ ᠵᠦᠸᠧᠽᠢ ᠰᠢᠶᠠᠨ ᠤ ᠬᠤᠪᠢᠷᠠᠯᠲᠠ ᠮᠠᠰᠢ ᠶᠡᠭᠡ ᠪᠠᠶᠢᠨ᠎ᠠ᠂ ᠣᠳᠣ ᠭᠠᠵᠠᠷ | ᠪᠣᠯᠭᠠᠨ ᠳᠤ ᠪᠦᠷ ᠬᠤᠸᠠᠷ ᠴᠡᠴᠡᠭ ᠡᠪᠡᠰᠦ ᠤᠷᠭᠤᠵᠤ᠂ ᠠᠭᠤᠷ ᠠᠮᠢᠰᠬᠤᠯ ᠴᠡᠪᠡᠷ ᠴᠡᠮᠴᠡᠭᠡᠷ᠂ ᠭᠠᠳᠠᠭᠰᠢ | ᠭᠠᠷᠤᠮᠠᠭᠴᠠ ᠡᠶᠢᠮᠦ ᠰᠠᠶᠢᠬᠠᠨ ᠦᠵᠡᠮᠵᠢ ᠶᠢ ᠣᠯᠵᠤ ᠬᠠᠷᠠᠨ᠎ᠠ᠂ ᠰᠡᠳᠬᠢᠯ ᠰᠠᠨᠠᠭ᠎ᠠ ᠮᠠᠰᠢ ᠲᠠᠭᠠᠯᠠᠮᠵᠢᠲᠠᠢ᠃ | | ᠣᠶᠢᠷ᠎ᠠ ᠶᠢᠨ ᠬᠤᠭᠤᠴᠠᠭᠠᠨ ᠳᠤ᠂ ᠬᠤᠲᠠ ᠪᠠᠯᠭᠠᠰᠤᠨ ᠤ ᠵᠡᠭᠡᠯᠢ ᠭᠤᠳᠤᠮᠵᠢ ᠶᠢᠨ ᠬᠢᠨ ᠬᠤᠸᠠᠷ ᠴᠡᠴᠡᠭ | ᠮᠢᠷᠠᠯᠵᠠᠨ ᠳᠡᠯᠭᠡᠷᠡᠬᠦ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ︽ᠨᠠᠷᠢᠨ ᠵᠦᠶ᠋ᠯᠡᠰ ᠨᠢ ᠰᠢᠨ᠎ᠡ︾ - ᠪᠥᠬᠦ | ᠰᠢᠶᠠᠨ ᠤ ᠭᠤᠤᠯ ᠵᠠᠮ ᠤᠨ ᠵᠠᠮ ᠬᠠᠷᠢᠯᠴᠠᠭᠠᠨ ᠤ ᠲᠡᠮᠳᠡᠭ ᠱᠤᠭᠤᠮ ᠢ ᠪᠥᠬᠦ ᠲᠠᠯ᠎ᠠ ᠪᠠᠷ ᠲᠠᠰ ᠳᠡᠪᠰᠢᠭᠦᠯᠵᠦ᠂ | ᠬᠤᠲᠠ ᠳᠦᠭᠦᠷᠡᠩ ᠨᠣᠭᠤᠭᠠᠨ ᠰᠠᠨᠠᠭ᠎ᠠ ᠲᠠᠢ ᠪᠠᠷ᠂ ᠢᠯᠡ ᠲᠣᠳᠣ ᠵᠠᠮ ᠤᠨ ᠲᠡᠮᠳᠡᠭ ᠪᠠ ᠰᠣᠩᠭᠢᠨ᠎ᠠ ᠬᠥᠭᠵᠢᠯ | ᠨᠣᠭᠤᠭᠠᠷᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠪᠠᠶᠢᠳᠠᠯ ᠢ ᠵᠢᠷᠤᠭᠯᠠᠨ᠎ᠠ᠃ | | ᠵᠣᠨ ᠤ ᠭᠠᠷᠮᠠᠭᠠᠶ ᠪᠡᠯᠡ ᠮᠥᠩᠭᠦ ᠶᠢ ᠴᠡᠴᠡᠭᠯᠡᠭᠦᠯᠦᠨ ᠨᠣᠭᠤᠭᠠᠨ ᠮᠣᠳᠣ ᠪᠠᠷ ᠪᠢᠷ ᠪᠣᠯᠭᠠᠵᠤ᠂ ᠠᠮᠢ ᠠᠬᠤᠢ ᠶᠢᠨ | ᠵᠠᠰᠠᠯᠲᠠ ᠪᠠᠷ ᠪᠢᠷ ᠪᠡᠬᠡᠰ ᠪᠣᠯᠭᠠᠵᠤ᠂ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠳᠤ ᠨᠡᠪᠲᠡᠷᠡᠬᠦ ᠵᠠᠮ ᠢ ︽ | ᠴᠡᠴᠡᠭ︾ ᠪᠣᠯᠭᠠᠪᠠ᠃ ᠤᠮᠠᠷᠠᠲᠤ ᠬᠢᠯᠢ ᠶᠢᠨ ᠡᠨᠡ ᠬᠦ ᠵᠢᠵᠢᠭ ᠬᠤᠲᠠ ᠶᠠᠭ ᠥᠪᠡᠷᠮᠢᠴᠡ ᠷᠢᠳᠢ ᠰᠢᠳᠢ ᠪᠠᠷ ᠢᠶᠠᠨ | ᠨᠠᠢᠮᠠᠨ ᠵᠣᠪᠬᠢᠰ ᠤᠨ ᠵᠣᠴᠢᠳ ᠢ ᠲᠠᠲᠠᠵᠤ᠂ ︽ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ︾ | ᠬᠤᠲᠠ ᠶᠢᠨ ᠨᠡᠷ᠎ᠡ ᠶᠢᠨ ᠬᠠᠭᠤᠳᠠᠰᠤ ᠶᠢ ᠤᠯᠠᠮ ᠭᠡᠷᠡᠯᠳᠦᠭᠦᠯᠵᠦ ᠪᠠᠶᠢᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | | | | | | |