ᠬᠠᠶᠢᠷᠠᠲᠤ ᠵᠦᠸᠧᠽᠢ ᠰᠢᠶᠠᠨ ᠤ ᠮᠠᠯᠴᠢᠨ ᠲᠠᠷᠢᠶᠠᠴᠢᠨ ᠨᠠᠶᠢᠵᠠ ᠨᠠᠷ᠄ | ᠣᠳᠣᠬᠠᠨ ᠳᠤ ᠶᠠᠭ ᠰᠠᠶᠢᠬᠠᠨ ᠲᠠᠷᠢᠮᠠᠯ ᠲᠠᠷᠢᠬᠤ ᠴᠢᠬᠤᠯᠠ ᠴᠠᠭ ᠦᠶ᠎ᠡ ᠪᠠᠶᠢᠵᠤ᠂ ᠰᠢᠨ᠎ᠡ ᠨᠢᠭᠡ ᠡᠭᠡᠯᠵᠢ ᠶᠢᠨ | ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠪᠠ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠵᠡᠷᠭᠡᠪᠡᠷ ᠣᠷᠣᠪᠠ᠃ ᠲᠠᠨ ᠢ | ᠬᠠᠪᠰᠤᠷᠤᠨ ᠬᠢᠷᠢ ᠲᠡᠩᠴᠡᠭᠰᠡᠨ ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠶᠢᠨ ᠲᠥᠯᠥᠭᠡ᠂ ᠰᠦᠯᠢᠶᠣᠣ | ᠪᠦᠷᠬᠦᠪᠴᠢ ᠶᠢ ᠵᠦᠶ ᠵᠣᠬᠢᠰᠲᠠᠶ ᠬᠡᠷᠡᠭᠯᠡᠬᠦ ᠪᠠ ᠦᠯᠡᠳᠡᠭᠳᠡᠯ ᠪᠦᠷᠬᠦᠪᠴᠢ ᠶᠢ ᠴᠠᠭ ᠲᠤᠬᠠᠶ ᠳᠤᠨᠢ ᠬᠤᠷᠢᠶᠠᠨ ᠠᠪᠴᠤ | ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠬᠠᠯᠠᠭᠤᠨ ᠳᠣᠲᠣᠨᠣ ᠰᠠᠨᠠᠭᠤᠯᠤᠮᠵᠢ ᠳᠣᠤᠷᠠᠬᠢ ᠮᠡᠲᠦ᠄ | ᠨᠢᠭᠡ᠂ ᠦᠯᠡᠳᠡᠭᠳᠡᠯ ᠪᠦᠷᠬᠦᠪᠴᠢ ᠶᠢᠨ ᠬᠤᠣᠷ ᠬᠥᠨᠥᠭᠡᠯ ᠢ ᠲᠣᠳᠣᠷᠬᠠᠶᠢᠯᠠᠵᠤ᠂ ᠬᠤᠷᠢᠶᠠᠨ ᠠᠪᠬᠤ | ᠠᠵᠢᠯᠯᠠᠭ᠎ᠠ ᠶᠢ ᠴᠢᠬᠤᠯᠠᠴᠢᠯᠠᠬᠤ ᠬᠡᠷᠡᠭᠲᠡᠢ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠬᠥᠷᠥᠰᠥ ᠰᠢᠷᠣᠶ ᠶᠢ ᠬᠤᠷᠢᠭᠯᠠᠵᠤ᠂ | ᠲᠠᠷᠢᠮᠠᠯ ᠤᠨ ᠦᠨᠳᠦᠰᠦᠨ ᠰᠢᠰᠲ᠋ᠧᠮ ᠤᠨ ᠥᠰᠥᠯᠲᠡ ᠶᠢ ᠬᠠᠷᠰᠢᠯᠠᠨ᠂ ᠴᠢᠬᠢ ᠳᠤᠲᠠᠬᠤ ᠪᠠ ᠤᠨᠠᠯᠲᠠ ᠶᠢ | ᠪᠠᠭᠤᠷᠠᠭᠤᠯᠤᠨ᠎ᠠ᠃ ᠡᠰᠢ ᠰᠦᠷᠡᠯ ᠤᠨ ᠦᠯᠡᠳᠡᠭᠳᠡᠯ ᠬᠠᠯᠢᠰᠤ ᠪᠠᠷ ᠲᠡᠵᠢᠭᠡᠯ ᠪᠣᠷᠳᠤᠭ᠎ᠠ ᠶᠢᠨ ᠦᠨ᠎ᠡ ᠥᠷᠲᠡᠭ ᠢ | ᠪᠠᠭᠤᠷᠠᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠠ ᠲᠦᠭᠰᠢᠭᠦᠷᠢ ᠶᠢ ᠨᠡᠮᠡᠭᠳᠡᠭᠦᠯᠦᠨ᠎ᠡ᠃ ᠲᠠᠷᠢᠶᠠᠨ | ᠭᠠᠵᠠᠷ ᠤᠨ ᠦᠯᠡᠳᠡᠭᠳᠡᠯ ᠬᠠᠯᠢᠰᠤ ᠨᠢ ᠲᠠᠷᠢᠶᠠᠯᠠᠩ ᠤᠨ ᠮᠠᠱᠢᠨ ᠪᠠᠭᠠᠵᠢ ᠶᠢ ᠣᠷᠢᠶᠠᠵᠤ ᠠᠵᠢᠯᠯᠠᠬᠤ ᠦᠷ᠎ᠡ | ᠪᠦᠲᠦᠮᠵᠢ ᠶᠢ ᠨᠥᠯᠥᠭᠡᠯᠡᠨ᠎ᠡ᠃ ᠲᠠᠷᠢᠶᠠᠨ ᠭᠠᠵᠠᠷ ᠤᠨ ᠦᠯᠡᠳᠡᠭᠳᠡᠯ ᠬᠠᠯᠢᠰᠤ ᠶᠢ ᠰᠠᠯᠬᠢᠨ ᠤ ᠠᠶ᠎ᠠ ᠪᠠᠷ ᠬᠡᠶᠢᠰᠬᠡᠨ | ᠪᠣᠲᠠᠷᠠᠭᠤᠯᠵᠤ᠂ ᠣᠷᠴᠢᠨ ᠲᠣᠭᠤᠷᠢᠨ ᠢ ᠪᠣᠬᠢᠷᠲᠤᠭᠤᠯᠤᠨ᠂ ᠲᠣᠰᠬᠤᠨ ᠤ ᠳᠦᠷᠰᠦ ᠪᠠᠶᠢᠳᠠᠯ ᠢ ᠡᠪᠳᠡᠪᠡ᠃ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠡᠭᠡᠭᠦᠯᠦᠨ ᠬᠤᠷᠢᠶᠠᠬᠤ ᠨᠢ | ᠪᠠᠴᠢᠮ ᠲᠤᠯᠭᠠᠮ᠎ᠠ ᠶᠠᠪᠤᠳᠠᠯ ᠪᠣᠯᠤᠨ᠎ᠠ᠃ | ᠬᠤᠶᠠᠷ᠂ ᠰᠦᠯᠢᠶᠥᠦ ᠪᠦᠷᠬᠦᠪᠴᠢ ᠶᠢ ᠪᠣᠯᠭᠤᠮᠵᠢᠲᠠᠢ ᠰᠣᠩᠭᠤᠨ ᠠᠪᠴᠤ᠂ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠢ ᠬᠡᠷᠡᠭᠯᠡᠬᠦ ᠬᠡᠷᠡᠭᠲᠡᠢ | ᠰᠦᠯᠢᠶᠣᠣ ᠪᠦᠷᠬᠦᠪᠴᠢ ᠬᠤᠳᠠᠯᠳᠤᠨ ᠠᠪᠬᠤ ᠳᠤ᠂ ᠡᠷᠬᠡᠪᠰᠢ ᠡᠵᠡᠩᠨᠡᠯᠲᠡ ᠶᠢᠨ ᠦᠨᠡᠮᠯᠡᠯ ᠲᠠᠢ ᠵᠢᠩᠬᠢᠨᠢ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠪᠤᠶᠤ ᠦᠢᠯᠡᠳᠪᠦᠷᠢ ᠳᠤ ᠣᠴᠢᠬᠤ ᠬᠡᠷᠡᠭᠲᠡᠢ᠃ | ᠦᠢᠯᠡᠳᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ᠂ | ᠲᠠᠨᠢᠯᠴᠠᠭᠤᠯᠤᠨ ᠬᠡᠷᠡᠭᠯᠡᠬᠦ ᠴᠠᠭ ᠤᠨ ᠲᠣᠳᠣᠷᠬᠠᠶᠢᠯᠠᠯᠲᠠ ᠶᠢ ᠪᠠᠶᠢᠴᠠᠭᠠᠨ ᠦᠵᠡᠪᠡ᠃ ᠵᠤᠵᠠᠭᠠᠨ ᠨᠢ 0.01 | ᠮᠢᠯᠢᠮᠧᠳ᠋ᠷ ᠠᠴᠠ ᠳᠣᠣᠷ᠎ᠠ ᠪᠠᠶᠢᠬᠤ ᠬᠡᠳᠦ ᠨᠢᠮᠭᠡᠨ ᠰᠦᠯᠢᠶᠣᠣ ᠪᠦᠷᠬᠦᠪᠴᠢ ᠵᠢᠴᠢ ᠭᠡᠷᠡᠯ ᠤᠨ ᠬᠦᠴᠢᠯᠲᠥ᠋ᠷᠥᠭᠴᠢ ᠶᠢᠨ | ᠵᠠᠳᠠᠷᠠᠨ ᠵᠠᠳᠠᠷᠠᠭᠰᠠᠨ ᠰᠦᠯᠢᠶᠣᠣ ᠰᠦᠯᠢᠶᠣᠣ ᠪᠦᠷᠬᠦᠪᠴᠢ ᠬᠤᠳᠠᠯᠳᠤᠨ ᠠᠪᠬᠤ ᠥᠬᠡᠶ᠂ ︽ᠪᠥᠭᠡᠭᠡᠨᠡᠷᠡᠯ ᠡᠲ᠋ᠧᠨ ᠤ | ᠦᠯᠢᠶᠡᠵᠦ ᠰᠦᠯᠢᠶᠣᠣ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠨᠢᠮᠭᠡᠨ ᠪᠦᠷᠬᠦᠭᠦᠯ︾ ︵ | GB13735 - 2017︶ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠬᠦ ᠰᠦᠯᠢᠶᠣᠣ ᠪᠦᠷᠬᠦᠪᠴᠢ ᠶᠢ | ᠰᠣᠩᠭᠤᠬᠤ ᠶᠢᠨ ᠬᠠᠮᠲᠤ ᠬᠤᠳᠠᠯᠳᠤᠨ ᠠᠪᠬᠤ ᠭᠡᠷᠡᠴᠢ ᠪᠠᠷᠢᠮᠲᠠ ᠶᠢ ᠦᠯᠡᠳᠡᠭᠡᠨ ᠬᠠᠳᠠᠭᠠᠯᠠᠨ᠎ᠠ᠃ ᠤᠯᠤᠰ ᠠᠴᠠ | ᠳᠡᠭᠡᠳᠦ ᠬᠦᠴᠦᠯᠡᠴᠡ ᠪᠠ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ | ᠲᠠᠨᠢᠯᠴᠠᠭᠤᠯᠬᠤ ᠶᠢᠨ ᠬᠠᠮᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠭᠠᠷᠭᠠᠨ᠎ᠠ᠃ ᠬᠡᠷᠪᠡ ᠬᠡᠷᠡᠭᠴᠡᠭᠡ | ᠱᠠᠭᠠᠷᠳᠠᠯᠭ᠎ᠠ ᠲᠠᠢ ᠪᠣᠯ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠲᠠᠢ ᠬᠠᠷᠢᠯᠴᠠᠵᠤ ᠨᠥᠬᠦᠪᠥᠷᠢ ᠶᠢᠨ ᠵᠦᠢᠯᠡᠰ ᠢ ᠯᠠᠪᠯᠠᠵᠤ ᠪᠣᠯᠤᠨ᠎ᠠ᠃ ᠰᠦᠯᠢᠶᠣᠣ | ᠪᠦᠷᠬᠦᠪᠴᠢ ᠶᠢᠨ ᠶᠠᠰᠤ ᠴᠢᠨᠠᠷ ᠤᠨ ᠠᠰᠠᠭᠤᠳᠠᠯ ᠲᠣᠬᠢᠶᠠᠯᠳᠤᠪᠠᠯ ᠭᠡᠷᠡᠴᠢ ᠪᠠᠷᠢᠮᠲᠠ᠂ ᠪᠠᠷᠢᠮᠲᠠ ᠵᠡᠷᠭᠡ ᠭᠡᠷᠡᠴᠢ | ᠪᠠᠷᠢᠮᠲᠠ ᠶᠢ ᠰᠠᠶᠢᠲᠤᠷ ᠬᠠᠳᠠᠭᠠᠯᠠᠬᠤ ᠬᠡᠷᠡᠭᠲᠡᠶ᠃ ᠡᠪᠬᠡᠮᠡᠯᠯᠡᠭᠰᠡᠨ ᠥᠬᠡᠶ ᠰᠦᠯᠢᠶᠣᠣ ᠪᠦᠷᠬᠦᠪᠴᠢ ᠶᠢ ᠲᠣᠬᠢᠲᠠᠶ | ᠬᠠᠮᠢᠶᠠᠷᠴᠤ᠂ ᠥᠯᠢᠭᠡᠷ ᠠᠪᠴᠤ ᠰᠢᠯᠭᠠᠨ ᠪᠠᠶᠢᠴᠠᠭᠠᠬᠤ ᠳᠤ ᠲᠥᠬᠦᠮ ᠪᠣᠯᠭᠠᠵᠤ᠂ ᠵᠠᠭᠠᠯᠳᠤᠵᠤ ᠢᠯᠡᠴᠢᠯᠡᠨ | ᠮᠡᠳᠡᠭᠦᠯᠬᠦ ᠤᠲᠠᠰᠤ ᠶᠢ 12315 ᠤᠲᠠᠰᠤᠳᠠᠭᠤᠯᠵᠤ ᠪᠣᠯᠤᠨ᠎ᠠ᠃ | ᠭᠤᠷᠪᠠ᠂ ᠡᠭᠡᠭᠦᠯᠦᠨ ᠬᠤᠷᠢᠶᠠᠬᠤ ᠡᠭᠦᠷᠭᠡ ᠪᠠᠨ ᠭᠦᠢᠴᠡᠳᠬᠡᠵᠦ᠂ ᠵᠦᠶ ᠵᠣᠬᠢᠰᠲᠠᠶ ᠲᠥᠷᠥᠯ ᠬᠤᠪᠢᠶᠠᠨ | ᠰᠢᠶ᠋ᠳᠪᠦᠷᠢᠯᠡᠬᠦ ᠬᠡᠷᠡᠭᠲᠡᠶ | ᠰᠦᠯᠢᠶᠣᠣ ᠪᠦᠷᠬᠦᠪᠴᠢ ᠶᠢ ᠬᠡᠷᠡᠭᠯᠡᠨ ᠦᠷ᠎ᠡ ᠠᠰᠢᠭ ᠢ ᠳᠡᠭᠡᠭᠰᠢᠯᠡᠭᠦᠯᠵᠦ᠂ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠪᠣᠯ ᠬᠡᠷᠡᠭᠯᠡᠭᠴᠢ ᠶᠢᠨ ᠡᠭᠦᠷᠭᠡ ᠮᠥᠨ᠃ ᠨᠠᠮᠤᠷ ᠤᠨ ᠬᠤᠷᠢᠶᠠᠯᠲᠠ ᠶᠢᠨ ᠳᠠᠷᠠᠭ᠎ᠠ ᠬᠠᠪᠤᠷ ᠤᠨ | ᠲᠠᠷᠢᠶᠠᠯᠠᠭ᠎ᠠ ᠯᠤᠭ᠎ᠠ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ | ᠬᠤᠷᠢᠶᠠᠨ ᠠᠪᠴᠤ᠂ ᠲᠠᠷᠢᠶᠠᠨ ᠭᠠᠵᠠᠷ ᠤᠨ ᠠᠷᠢᠭᠤᠨ ᠴᠡᠪᠡᠷ ᠢ ᠪᠠᠲᠤᠯᠠᠵᠤ᠂ ᠬᠥᠷᠥᠰᠥ ᠰᠢᠷᠣᠶ ᠶᠢᠨ ᠦᠩ | ᠰᠢᠮ᠎ᠡ ᠶᠢ ᠬᠠᠮᠠᠭᠠᠯᠠᠬᠤ ᠬᠡᠷᠡᠭᠲᠡᠶ᠃ ᠲᠠᠷᠢᠶᠠᠨ ᠭᠠᠵᠠᠷ ᠤᠨ ᠦᠯᠡᠳᠡᠭᠳᠡᠯ ᠬᠠᠯᠢᠰᠤ ᠶᠢ ᠲᠡᠭᠦᠵᠦ ᠲᠣᠭᠲᠠᠭᠰᠠᠨ | ᠬᠤᠷᠢᠶᠠᠨ ᠠᠪᠬᠤ ᠲᠣᠣᠷ ᠴᠡᠭ ᠲᠤ ᠰᠠᠨᠠᠭᠠᠴᠢᠯᠠᠭ᠎ᠠ ᠠᠴᠠ ᠪᠠᠨ ᠬᠦᠷᠭᠡᠨ᠎ᠡ᠃ | ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠣᠶᠢᠯᠠᠭᠠᠵᠤ᠂ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ | ᠰᠦᠯᠢᠶᠣᠣ ᠪᠦᠷᠬᠦᠪᠴᠢ ᠶᠢ ᠴᠠᠭ ᠲᠤᠬᠠᠶ ᠳᠤ ᠨᠢ ᠡᠭᠡᠭᠦᠯᠦᠨ ᠬᠤᠷᠢᠶᠠᠬᠤ ᠥᠬᠡᠶ᠃ ︽ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠢᠴᠢ ᠬᠠᠮᠢᠶ᠎ᠠ ᠪᠥᠬᠦᠶ ᠣᠷᠣᠨ ᠨᠤᠲᠤᠭ ᠤᠨ ᠬᠠᠤᠯᠢ ᠲᠣᠭᠲᠠᠭᠠᠯ ᠢ | ᠦᠨᠳᠦᠰᠦᠯᠡᠨ᠂ ᠰᠦᠯᠢᠶᠣᠣ ᠪᠦᠷᠬᠦᠪᠴᠢ ᠶᠢ ᠬᠡᠷᠡᠭᠯᠡᠭᠴᠢ ᠲᠣᠭᠲᠠᠭᠠᠯ ᠶᠣᠰᠣᠭᠠᠷ ᠪᠦᠷᠢᠨ ᠪᠤᠰᠤ ᠠᠮᠢᠳᠤ ᠪᠣᠳᠠᠰ ᠤᠨ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠤᠭᠰᠠᠨ ᠥᠬᠡᠶ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠃ ᠬᠡᠷᠡᠭᠯᠡᠭᠴᠢ ᠨᠢ ᠨᠢᠭᠡᠴᠢ ᠪᠠᠶᠢᠵᠤ᠂ 1 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠰᠦᠯᠢᠶᠣᠣ | ᠪᠦᠷᠬᠦᠪᠴᠢ ᠶᠢ ᠬᠡᠷᠡᠭᠯᠡᠭᠴᠢ ᠨᠢ ᠬᠤᠪᠢ ᠬᠥᠮᠦᠨ ᠪᠠᠶᠢᠪᠠᠯ᠂ 200 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃ | ᠦᠩ ᠰᠢᠮᠢᠯᠢᠭ ᠭᠠᠵᠠᠷ ᠰᠢᠷᠤᠢ ᠪᠣᠯ ᠲᠠᠷᠢᠶᠠᠯᠠᠩ ᠤᠨ ᠦᠨᠳᠦᠰᠦ᠂ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ ᠨᠢ ᠦᠷ᠎ᠡ ᠬᠤᠢᠴᠢᠰ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠭᠦᠨ ᠤ ᠲᠤᠯᠠᠳᠠ ᠥᠷᠭᠡᠨ ᠣᠯᠠᠨ | ᠮᠠᠯᠴᠢᠨ ᠲᠠᠷᠢᠶᠠᠴᠢᠨ ᠨᠠᠶᠢᠵᠠ ᠨᠠᠷ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ | ᠬᠤᠳᠠᠯᠳᠤᠨ ᠠᠪᠬᠤ᠂ ᠴᠠᠭ ᠲᠤᠬᠠᠢ ᠳᠤᠨᠢ ᠬᠤᠷᠢᠶᠠᠨ ᠠᠪᠬᠤ᠂ ᠵᠦᠢ ᠵᠣᠬᠢᠰᠲᠠᠢ ᠰᠢᠢᠳᠪᠦᠷᠢᠯᠡᠬᠦ ᠠᠴᠠ ᠡᠬᠢᠯᠡᠨ | ᠬᠢᠵᠦ᠂ ᠲᠠᠷᠢᠶᠠᠨ ᠭᠠᠵᠠᠷ ᠢ ᠰᠠᠬᠢᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠭᠠᠷᠮᠠᠭᠠᠢ ᠪᠡᠯᠡ ᠮᠥᠩᠭᠦ ᠶᠢ | ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︕ | ᠵᠦᠸᠧᠽᠢ ᠰᠢᠶᠠᠨ ᠶᠢᠨ ᠲᠠᠷᠢᠶᠠᠯᠠᠩ ᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | |