ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ | ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ | ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠵᠠᠢ᠃ | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ | ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠯᠦᠧᠧᠶᠠᠩ | ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳ᠋ᠠᠭᠠᠨᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ | ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ | ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ ᠠᠬᠤᠶᠢᠯᠠᠯ ᠤᠨ ᠬᠥᠭᠵᠢᠯᠲᠡ ᠶᠢᠨ | ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ | ᠪᠣᠯᠣᠨᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ | ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ | ᠳᠠᠪᠠᠭᠤᠯᠢᠭᠵᠦ᠋ᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ | ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ | ᠪᠣᠭᠤᠮᠲᠠᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ | ᠵᠠᠮ ᠵᠶ᠋ᠠᠷᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ | ᠭᠡᠵᠦ ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ | ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨᠲ᠋ᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠮᠣᠷᠢᠨᠰᠦ᠋ᠮᠡ ᠨᠢ | ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤᠤᠯᠤᠰᠴᠢᠯᠠᠭᠰᠠᠨ ᠠᠬᠢᠴᠠ ᠶᠢ | ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ | ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢᠬᠥ᠋ᠲᠥᠯᠥᠨ ᠵᠢᠯᠤᠭᠤᠳᠴᠤ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ | ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃1500 ᠭᠠᠷᠤᠢ ᠵᠢᠯ ᠤᠨ ᠲᠡᠦᠬᠡ ᠲᠠᠢ | ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨᠥᠪ ᠪᠣᠯᠣᠨ᠎ᠠ᠃ ᠰᠢ ᠶᠢᠨ ᠫᠢᠩ ᠠᠳᠡ ᠢᠷᠡᠵᠤ | ᠂ ᠴᠢᠯᠠᠭᠤᠨ ᠠᠭᠤᠢ ᠶᠢᠨ ᠪᠦᠬᠦᠯᠢ ᠴᠣᠭᠴᠠ ᠵᠢᠨᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ | ᠴᠢᠨᠠᠷᠲᠠᠢ ᠠᠭᠤᠢ ᠶᠢᠨ ᠭᠦᠩᠭᠠᠷᠠᠪᠠ᠂ ᠭᠦᠷᠦᠭ ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ | ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ | ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ | ᠮᠡᠨᠳᠦᠴᠢᠯᠡᠵᠦᠪᠠᠶᠢᠯᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠪᠢᠴᠢᠬᠠᠨ ᠨᠠᠶᠢᠵᠠ ᠨᠠᠷ ᠢ | ᠲᠤᠬᠠᠢ ᠵᠢᠨᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ | ᠰᠣᠶᠣᠯ ᠤᠨᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ ᠤᠨ | ᠠᠭᠤᠰᠤᠯᠴᠠᠯ ᠤᠨᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠵᠢᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ | ᠵᠢᠷᠭᠠᠯᠲᠤᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠵᠢᠨᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ ᠣᠯᠣᠭᠰᠠᠨᠠᠮᠵᠢᠯᠲᠠ ᠶᠢ | ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠵᠢᠨᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ | ᠂ ᠢᠲᠡᠭᠡᠯᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ | ᠲᠦᠪᠰᠢᠨᠪᠦ᠋ᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ | ᠣᠯᠭᠤᠯᠲᠠ ᠵᠢᠲ᠋ᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ | ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ ᠠᠵᠤ | ᠠᠬᠤᠢ ᠶᠢᠨ ᠲᠣᠮᠣ ᠮᠤᠵᠢ | ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ | ᠠᠯᠬᠤᠮᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ | ᠭᠠᠵᠠᠷᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ | ᠴᠢᠳᠠᠪᠤᠷᠢ ᠵᠢᠲ᠋ᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠮᠤᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ | ᠲᠠᠷᠢᠶᠠᠯᠠᠩ ᠤᠨ ᠠᠵᠤᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠷ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ | ᠬᠠᠮᠲᠤ ᠪᠠᠷᠪᠠᠶᠠᠵᠢᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠤᠯᠲᠠ ᠵᠢᠭᠦ᠋ᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠬᠡᠷᠡᠭᠲᠡᠢ ᠭᠡᠵᠦ ᠵᠢᠭᠠᠵᠤᠭᠠᠷᠭᠠᠪᠠ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ | ᠬᠥᠮᠥᠨᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ | ᠤᠯᠠᠨᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ | ᠃ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ | ᠪᠠᠶᠢᠭᠤᠯᠤᠯᠲ᠋ᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ | ᠵᠣᠬᠢᠶᠠᠨᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠬᠤᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ | ᠨᠢᠭᠲᠠᠷᠠᠭᠤᠯᠵᠤ᠂ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠂ ᠤᠯᠠᠨ | ᠨᠡᠶᠢᠲᠡ ᠵᠢᠨᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦᠪᠠᠶᠢᠭᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ | ᠰᠠᠭᠤᠷᠢ ᠵᠢᠪᠠᠬᠢᠵᠢᠭᠦᠯᠬᠦ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ | ᠬᠠᠮᠢᠶᠠᠷᠤᠯᠲᠠ ᠵᠢᠲ᠋ᠣᠷᠣᠭᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ | ᠡᠴᠦᠰ ᠲᠤᠨᠢ ᠲᠤᠯᠲᠠᠯᠠᠬᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ | ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ | ᠬᠠᠤᠯᠢ ᠪᠠᠷᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ | ᠪᠠᠶᠢᠬᠤᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ | ᠠᠬᠤᠶᠢᠯᠠᠯ ᠤᠨᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠠᠶᠤᠯᠲ᠋ᠦ᠋ᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ | ᠠᠮᠤᠷᠲ᠋ᠦ᠋ᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ | ᠬᠦᠷᠢᠶᠡᠨ ᠳ᠋ᠠᠬᠢᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ | ᠵᠢᠳᠬᠦᠯ ᠴᠢᠷᠮᠠᠶᠢᠯᠭᠠᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ | ᠤᠯᠠᠨ ᠲᠦᠮᠡᠨ ᠤᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ | ᠬᠠᠮᠲᠤᠯᠢᠭ ᠤᠨᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ | ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ | ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ | ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ | ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ | ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ | | ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ | ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ | ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ | ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ | ᠶᠣᠰᠣ ᠳᠦᠷᠢᠮ ᠢ ᠪᠤᠢ ᠪᠤᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ | ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ | ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ | ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ ᠪᠠᠶᠢᠪᠠᠯ ᠤᠰᠤᠲᠤᠯ | ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ | ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ | ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ | ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | |