ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠦᠢᠯᠡᠳᠬᠦ | ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ ᠲᠥᠰᠥᠯ ︵2025 | - 2027 ᠣᠨ︶︾ ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ | ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ | ᠵᠠᠰᠠᠪᠤᠷᠢ ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ | ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠣᠯ ᠶᠡᠭᠡ | ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ | ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ | ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ | ᠤᠷᠠᠯᠠᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠪᠣᠬᠢᠷᠲᠤᠯ ᠦᠭᠡᠢ ᠪᠠᠷ ᠥᠭᠡᠷᠡᠴᠢᠯᠡᠨ | ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠥᠨᠳᠥᠷ | ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ | ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠴᠢ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ | ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ | ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠪᠠ ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ | ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ | ᠭᠡᠵᠡᠢ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ ᠡᠭᠦᠷᠭᠡᠯᠡᠬᠦ᠂ ᠦᠷ᠎ᠡ | ᠠᠰᠢᠭ ᠢ ᠨᠢ ᠬᠠᠮᠲᠤ ᠪᠠᠷ ᠡᠳ᠋ᠯᠡᠬᠦ᠂ ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ ᠬᠠᠷᠢᠭᠤᠴᠠᠯᠭ᠎ᠠ ᠪᠠᠷ ᠨᠡᠩ | ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ ᠪᠠᠷ ᠨᠡᠩ ᠥᠨᠳᠥᠷ ᠪᠦᠲᠦᠮᠵᠢᠲᠡᠢ ᠠᠮᠢ | ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ | ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ | ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ | ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ ᠭᠤᠣᠯ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ | ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ | ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ | ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭᠠᠬᠤ ᠶᠢ ᠲᠣᠳᠣ ᠪᠠᠶᠢᠯᠭᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ︽ | ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ | ᠪᠠ ᠬᠦᠯᠢᠶᠡᠰᠦᠯᠡᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ | ᠲᠠᠲᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃ ᠬᠤᠷᠠᠯᠳᠤᠭᠠᠨ ᠢᠶᠠᠷ ︽ | ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ | ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ | ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠨ᠎ᠠ᠂ | ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠲᠣᠭᠲᠠᠭᠠᠯ ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠢᠳᠡᠭᠡᠨ ᠤ ᠵᠦᠢᠯ ᠤᠨ ᠠᠮᠤᠷ | ᠲᠦᠪᠰᠢᠨ ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ ᠪᠠᠶᠢᠭᠤᠯᠬᠤ | ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ ᠡᠭᠦᠰᠬᠦ ᠠᠴᠠ ᠤᠷᠢᠳ | ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ | ᠬᠠᠨᠳᠤᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ | ᠪᠣᠯᠬᠤ ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ | ᠰᠢᠢᠳᠬᠡᠵᠦ᠂ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ | ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ | ᠰᠤᠳᠤᠯᠵᠠᠢ᠃ | |