ᠬᠥᠷᠥᠰᠥᠨ ᠤ ᠴᠢᠭᠢᠭ ᠤᠨ ᠪᠠᠶᠢᠳᠠᠯ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ︽ᠲᠤᠩᠭᠠᠯᠠᠭ ᠬᠡᠮᠵᠢᠭᠦᠷ︾ | ᠮᠥᠨ᠂ ᠬᠥᠷᠥᠰᠥ ᠰᠢᠷᠣᠶ ᠶᠢᠨ ᠤᠰᠤ ᠶᠢ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ ᠨᠢ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠨᠠᠷᠢᠯᠢᠭ ᠣᠨᠣᠴᠠᠲᠠᠶ ᠪᠠᠷ ᠤᠰᠤᠯᠠᠬᠤ ᠶᠢ ᠪᠡᠶᠡᠯᠡᠭᠦᠯᠬᠦ ᠳᠤ ᠲᠦᠢᠯ ᠤᠨ | ᠴᠢᠬᠤᠯᠠ ᠪᠠᠶᠢᠳᠠᠭ᠃ ᠣᠶᠢᠷ᠎ᠠ ᠳᠤ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠠᠴᠠ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠴᠡᠭ ᠲᠤ ᠲᠠᠷᠢᠶᠠᠨ | ᠭᠠᠵᠠᠷ ᠤᠨ ᠥᠯᠢᠭᠡᠷ ᠠᠪᠬᠤ ᠠᠵᠢᠯ ᠥᠷᠨᠢᠭᠦᠯᠵᠦ᠂ ᠠᠳᠠᠯᠢ ᠪᠤᠰᠤ ᠭᠠᠵᠠᠷ ᠤᠨ ᠴᠢᠭᠢᠭ ᠤᠨ ᠪᠠᠶᠢᠳᠠᠯ ᠤᠨ ᠣᠳᠣᠬᠢ | ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠬᠠᠪᠤᠷ ᠤᠨ ᠲᠠᠷᠢᠶᠠᠯᠠᠭ᠎ᠠ ᠳᠤ ᠬᠦᠴᠦᠲᠡᠶ ᠲᠤᠭ᠎ᠠ ᠪᠠᠷᠢᠮᠲᠠ ᠶᠢᠨ | ᠳᠡᠮᠵᠢᠯᠭᠡ ᠬᠠᠩᠭᠠᠪᠠ᠃ | ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠴᠡᠭ ᠲᠤ᠂ ᠵᠦᠸᠧᠽᠢ ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠠᠵᠢᠯᠲᠠᠳ ᠰᠢᠷᠣᠶ ᠶᠢᠨ ᠥᠷᠥᠮᠳᠡᠭᠦᠷ ᠪᠠ ᠴᠠᠭᠠᠷᠢᠭ | ᠬᠢᠲᠤᠭ᠎ᠠ ᠪᠠᠷ ᠤᠤᠯ ᠬᠡᠯᠪᠡᠷᠢ ᠶᠢᠨ ᠰᠢᠷᠣᠶ ᠶᠢᠨ ᠥᠯᠢᠭᠡᠷ ᠡᠳ᠋ ᠴᠤᠭᠯᠠᠭᠤᠯᠵᠤ᠂ ᠥᠩᠭᠡᠨ ᠳᠠᠪᠬᠤᠷᠭ᠎ᠠ ᠶᠢᠨ | 2cm ᠢ ᠠᠷᠢᠯᠭᠠᠭᠰᠠᠨ ᠤ ᠳᠠᠷᠠᠭ᠎ᠠ᠂ 0 - 20cm᠂ 20- 40cm ᠵᠡᠷᠭᠡ ᠬᠠᠷᠠᠯᠲᠠ ᠶᠢᠨ ᠭᠦᠨᠵᠡᠭᠡᠶ | ᠥᠯᠢᠭᠡᠷ ᠡᠳ᠋ ᠠᠪᠤᠨ᠎ᠠ᠃ ᠰᠣᠷᠢᠴᠠ ᠠᠪᠴᠤ ᠪᠠᠷᠠᠭᠰᠠᠨ ᠤ ᠳᠠᠷᠠᠭ᠎ᠠ᠂ ᠰᠢᠷᠣᠢ ᠶᠢᠨ ᠶᠠᠩᠵᠤ ᠶᠢ ᠳᠠᠷᠣᠢ ᠳᠣᠣᠷ᠎ᠠ ᠨᠢ | ᠬᠦᠨᠳᠦ ᠬᠥᠩᠭᠡᠨᠴᠠᠭᠠᠨ ᠤ ᠬᠠᠶᠢᠷᠴᠠᠭ ᠲᠤ ᠬᠢᠵᠦ ᠪᠢᠲᠡᠭᠦᠯᠡᠨ ᠪᠢᠳᠡᠭᠦᠮᠵᠢᠯᠡᠵᠦ᠂ ᠤᠰᠤᠨ ᠤ ᠠᠭᠤᠷᠰᠢᠯᠲᠠ ᠶᠢ | ᠰᠡᠷᠭᠡᠶᠢᠯᠡᠪᠡ᠃ ᠡᠭᠦᠨ ᠤ ᠬᠠᠮᠲᠤ᠂ ᠰᠢᠷᠣᠶ ᠶᠢᠨ ᠥᠯᠢᠭᠡᠷ ᠬᠢᠨᠠᠨ ᠬᠡᠮᠵᠢᠯᠲᠡ ᠶᠢᠨ ᠶᠠᠰᠤ ᠴᠢᠨᠠᠷ ᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠥᠯᠥᠭᠡ᠂ ᠠᠵᠢᠯᠲᠠᠳ ᠴᠤᠭᠯᠠᠭᠤᠯᠤᠭᠰᠠᠨ ᠰᠢᠷᠣᠶ ᠶᠢᠨ ᠥᠯᠢᠭᠡᠷ ᠠᠪᠴᠤ | ᠲᠤᠷᠰᠢᠵᠦ ᠬᠠᠲᠠᠭᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢᠨ ᠤᠰᠤᠨ ᠤ ᠠᠭᠤᠯᠤᠭᠳᠠᠴᠠ ᠶᠢᠨ | ᠨᠣᠷᠮ᠎ᠠ ᠶᠢ ᠣᠨᠣᠪᠴᠢᠲᠠᠶ ᠬᠡᠮᠵᠢᠨ ᠲᠣᠭᠲᠠᠭᠠᠵᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠤᠨ ᠨᠠᠷᠢᠨ | ᠲᠣᠳᠣᠷᠬᠠᠶ ᠲᠤᠭ᠎ᠠ ᠪᠠᠷᠢᠮᠲᠠ ᠮᠡᠳᠡᠭᠦᠯᠬᠦ ᠬᠦᠰᠦᠨᠦᠭᠲᠦ ᠶᠢ ᠪᠣᠶ ᠪᠣᠯᠭᠠᠨ᠎ᠠ᠃ | ︽ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠨᠢ ᠲᠠᠷᠢᠶᠠᠯᠠᠩ ᠦᠢᠯᠡᠳᠪᠦᠷᠢᠯᠡᠯ ᠤᠨ ᠳᠤᠮᠳᠠᠬᠢ ᠲᠦᠢᠯ ᠤᠨ | ᠴᠢᠬᠤᠯᠠ ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠤᠨᠠᠯᠲᠠ ᠶᠢᠨ | ᠥᠨᠳᠥᠷ ᠳᠣᠤᠷ᠎ᠠ ᠵᠢᠴᠢ ᠶᠠᠰᠤ ᠴᠢᠨᠠᠷ ᠤᠨ ᠰᠠᠶᠢᠨ ᠮᠠᠭᠤ ᠲᠠᠢ ᠰᠢᠭᠤᠳ ᠬᠤᠯᠪᠣᠭᠳᠠᠵᠤ ᠪᠠᠶᠢᠳᠠᠭ᠃ ᠵᠢᠯ | ᠪᠦᠷᠢ ᠶᠢᠨ 4 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠶᠢᠨ ᠬᠤᠭᠤᠷᠣᠨᠳᠣ ᠪᠢᠳᠡ ᠬᠥᠷᠥᠰᠥᠨ ᠤ ᠴᠢᠭᠢᠭ ᠤᠨ | ᠪᠠᠶᠢᠳᠠᠯ ᠢ ᠬᠢᠨᠠᠨ ᠬᠡᠮᠵᠢᠬᠦ ᠪᠠ ᠪᠠᠶᠢᠴᠠᠭᠠᠨ ᠬᠡᠮᠵᠢᠵᠦ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠵᠢᠴᠢ ᠡᠯ᠎ᠡ | ᠵᠦᠢᠯ ᠤᠨ ᠭᠦᠢᠴᠡᠳᠬᠡᠬᠦ ᠲᠤᠭ᠎ᠠ ᠶᠢ ᠦᠨᠳᠦᠰᠦᠯᠡᠨ ᠡᠳᠦᠶ ᠲᠡᠳᠦᠶ ᠬᠢᠨᠠᠨ ᠬᠡᠮᠵᠢᠬᠦ ᠴᠡᠭ ᠪᠠᠶᠢᠭᠤᠯᠤᠨ ᠬᠢᠨᠠᠨ | ᠬᠡᠮᠵᠢᠵᠦ᠂ ᠭᠠᠵᠠᠷ ᠰᠢᠷᠣᠶ ᠶᠢᠨ ᠲᠠᠷᠢᠶᠠᠯᠠᠬᠤ ᠳᠤ ᠪᠠᠲᠤ ᠪᠠᠬᠢ ᠲᠤᠭ᠎ᠠ ᠪᠠᠷᠢᠮᠲᠠ ᠶᠢᠨ ᠰᠠᠭᠤᠷᠢ ᠶᠢ ᠬᠠᠩᠭᠠᠨ᠎ᠠ︾ | ᠭᠡᠵᠡᠶ᠃ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠶᠣᠣ ᡁᠢ ᠾᠦᠢ ᠬᠡᠯᠡᠪᠡ᠃ | ᠣᠶᠢᠯᠠᠭᠠᠭᠰᠠᠨ ᠢᠶᠠᠷ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠨᠢ | ᠲᠠᠷᠢᠶᠠᠯᠠᠩ ᠤᠨ ᠶᠠᠪᠤᠳᠠᠯ ᠤᠨ ᠦᠢᠯᠡᠳᠪᠦᠷᠢᠯᠡᠯ ᠳᠤ ᠭᠠᠩ ᠬᠠᠭᠰᠠᠷᠠᠭᠠᠨ ᠪᠤᠶᠤ ᠤᠰᠤᠨ ᠳᠤ ᠳᠡᠪᠲᠦᠭᠡᠬᠦ | ᠰᠡᠷᠡᠮᠵᠢᠯᠡᠭᠦᠯᠦᠯ ᠬᠠᠩᠭᠠᠵᠤ᠂ ᠲᠠᠷᠢᠮᠠᠯ ᠤᠨ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ | ᠲᠠᠷᠢᠶᠠᠯᠠᠩ ᠤᠨ ᠦᠷ᠎ᠡ ᠠᠰᠢᠭ ᠢ ᠦᠨᠡᠨᠬᠦ ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠮᠠᠯ ᠤᠨ ᠤᠷᠭᠤᠯᠲᠠ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠵᠦᠸᠧᠽᠢ ᠰᠢᠶᠠᠨ ᠤ | ᠤᠶᠤᠨᠴᠢᠯᠠᠭᠰᠠᠨ ᠣᠳᠣᠬᠢᠴᠢᠯᠠᠭᠰᠠᠨ ᠲᠠᠷᠢᠶᠠᠯᠠᠩ ᠢ ᠬᠥᠭᠵᠢᠭᠦᠯᠬᠦ ᠳᠤ ᠬᠦᠴᠦᠲᠡᠢ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠴᠢᠳᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |