ᠨᠣᠭᠤᠭᠠᠨ ᠥᠩᠭᠡ ᠪᠠᠷ ᠦᠩ ᠰᠢᠮᠡᠯᠢᠭ ᠬᠥᠷᠥᠰᠥᠨ ᠳᠤ ᠰᠢᠨ᠎ᠡ ᠦᠵᠡᠮᠵᠢ - ᠵᠦᠸᠧᠽᠢ ᠰᠢᠶᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/7
    ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠰᠢᠨ᠎ᠡ ᠨᠣᠭᠤᠭᠠᠷᠠᠭᠤᠯᠤᠯᠲᠠ ᠶᠢ ᠲᠦᠷᠭᠡᠳᠬᠡᠵᠦ᠂ ᠮᠣᠳᠣ ᠲᠠᠷᠢᠬᠤ ᠠᠵᠢᠯ ᠶᠠᠭ ᠴᠠᠭ ᠲᠠᠭᠠᠨ ᠪᠠᠶᠢᠨ᠎ᠠ᠃ 4 ᠰᠠᠷ᠎ᠠ ᠶᠢᠨ 22 ᠤᠨ ᠡᠳᠦᠷ᠂ ᠵᠦᠸᠧᠽᠢ ᠰᠢᠶᠠᠨ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠨᠠᠮ ᠵᠠᠰᠠᠭ ᠤᠨ ᠤᠳᠤᠷᠢᠳᠤᠯᠭ᠎ᠠ᠂ ᠺᠠᠳ᠋ᠷ ᠠᠵᠢᠯᠲᠠᠨ ᠠᠵᠢᠯᠴᠢᠨ ᠵᠦᠸᠧᠽᠢ ᠪᠠᠯᠭᠠᠰᠤᠨ ᠤ ᠯᠠᠨ ᠴᠢ ᠲᠣᠰᠬᠤᠨ ᠳᠤ ᠴᠤᠭᠯᠠᠷᠠᠵᠤ᠂ ᠬᠦᠷᠵᠡ ᠬᠤᠷᠦ᠋ᠢᠯᠠᠵᠤ ᠨᠣᠭᠤᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠭᠡᠷ ᠣᠷᠣᠨ ᠳᠤ ︽ᠥᠷᠲᠡᠭ ᠨᠡᠮᠡᠵᠦ︾᠂ ᠬᠠᠪᠤᠷ ᠤᠨ ᠤᠯᠠᠷᠢᠯ ᠤᠨ ︽ᠨᠣᠭᠤᠭᠠᠨ ᠪᠤᠯᠵᠤᠭ᠎ᠠ︾ ᠳᠤ ᠬᠠᠮᠲᠤᠪᠠᠷ ᠬᠦᠷᠪᠡ᠃    ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠥᠩᠭᠡᠲᠦ ᠲᠤᠭ ᠰᠠᠯᠬᠢᠨ ᠤ ᠠᠶ᠎ᠠ ᠪᠠᠷ ᠨᠠᠮᠢᠷᠠᠨ᠂ ᠸᠠᠩ ᠳ᠋ᠠ ᠾᠧ᠂ ᠶᠤᠤ ᠬᠠᠢ ᠮᠢᠩ ᠵᠡᠷᠭᠡ ᠤᠳᠤᠷᠢᠳᠤᠯᠭ᠎ᠠ ᠪᠠᠶᠢᠭᠤᠯᠭ᠎ᠠ ᠶᠢᠨ ᠺᠠᠳ᠋ᠷ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ᠂ ᠰᠤᠷᠤᠭᠴᠢᠳ ᠤᠨ ᠲᠥᠯᠥᠭᠡᠯᠡᠭᠴᠢᠳ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠤᠯᠠᠨ ᠢᠶᠠᠷ ᠢᠶᠠᠨ ᠳᠤᠭᠤᠶᠢᠯᠠᠩ ᠬᠤᠪᠢᠶᠠᠨ ᠬᠠᠮᠵᠢᠯᠴᠠᠵᠤ᠂ ᠬᠦᠷᠵᠡ ᠬᠤᠷᠦ᠋ᠢᠯᠠᠵᠤ ᠰᠢᠷᠣᠢ ᠮᠠᠯᠲᠠᠵᠤ᠂ ᠴᠢᠬᠢ ᠶᠢ ᠲᠦᠰᠢᠵᠦ ᠨᠦᠬᠡ ᠶᠢ ᠪᠥᠭᠯᠡᠵᠦ᠂ ᠤᠰᠤ ᠲᠠᠲᠠᠵᠤ ᠤᠰᠤᠯᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠨ᠎ᠠ᠃ ᠣᠶ ᠰᠢᠭᠤᠶ ᠶᠢᠨ ᠮᠡᠷᠭᠡᠵᠢᠯ ᠤᠨ ᠠᠵᠢᠯᠲᠠᠨ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠴᠤ᠂ ᠨᠢᠭᠡ ᠶᠢ ᠨᠢ ᠣᠶᠢᠵᠢᠭᠤᠯᠵᠤ᠂ ᠨᠢᠭᠡ ᠶᠢ ᠨᠢ ᠠᠮᠢᠯᠠᠭᠤᠯᠵᠤ᠂ ᠨᠢᠭᠡ ᠶᠢ ᠨᠢ ᠣᠶᠢᠵᠢᠭᠤᠯᠵᠤ᠂ ᠨᠢᠭᠡ ᠶᠢ ᠨᠢ ᠪᠦᠲᠦᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠤᠳᠠᠭᠠᠨ ᠤ ᠠᠵᠢᠯᠯᠠᠭ᠎ᠠ ᠳᠤ ᠭᠠᠴᠤᠷ᠎ᠠ ᠵᠡᠷᠭᠡ 2000 ᠭᠠᠷᠤᠶ ᠰᠠᠭᠤᠷᠢ ᠴᠢᠬᠢ ᠮᠣᠳᠣ ᠳᠠᠷᠢᠵᠤ᠂ ᠰᠢᠨ᠎ᠡ ᠪᠠᠷ ᠨᠡᠮᠡᠭᠳᠡᠭᠰᠡᠨ ᠨᠣᠭᠤᠭᠠᠨ ᠭᠠᠵᠠᠷ ᠤᠨ ᠲᠠᠯᠠᠪᠠᠶ ᠪᠠᠷᠤᠭ 30 ᠮᠥ ᠬᠦᠷᠪᠡ᠃ ᠰᠢᠨ᠎ᠡ ᠪᠠᠷ ᠲᠠᠷᠢᠭᠰᠠᠨ ᠴᠢᠬᠢ ᠮᠣᠳᠣ ᠲᠠᠷᠬᠠᠵᠤ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠬᠠᠪᠤᠷ ᠤᠨ ᠡᠬᠡ ᠭᠠᠵᠠᠷ ᠲᠤ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠣᠭᠤᠭᠠᠨ ᠦᠵᠡᠮᠵᠢ ᠶᠢᠨ ᠣᠷᠣᠨ ᠢ ᠨᠡᠮᠡᠷᠢᠯᠡᠵᠡᠢ᠃    ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠮᠢ ᠠᠬᠤᠢ ᠶᠢᠨ ᠪᠣᠯᠪᠠᠰᠤᠨ ᠤ ᠰᠠᠭᠤᠷᠢ ᠶᠢ ᠴᠣᠭᠴᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠯᠪᠠᠨ ᠵᠢᠷᠤᠮ ᠤᠨ ᠮᠣᠳᠣ ᠲᠠᠷᠢᠬᠤ ᠶᠠᠪᠤᠳᠠᠯ ᠢ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠠᠮᠢ ᠠᠬᠤᠢ ᠶᠢᠨ ᠰᠡᠷᠭᠦᠭᠡᠯᠲᠡ ᠶᠢ ᠤᠶᠠᠯᠳᠤᠭᠤᠯᠵᠤ᠂ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠣᠯᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃    ᠵᠦᠸᠧᠽᠢ ᠰᠢᠶᠠᠨ ᠤ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠶ ᠶᠢᠨ ᠠᠵᠤ ᠦᠢᠯᠡᠳᠪᠦᠷᠢ ᠶᠢᠨ ᠥᠷᠲᠡᠭᠡ ᠶᠢᠨ ᠳᠠᠷᠤᠭ᠎ᠠ ᠵᠠᠩ ᠴᠧᠩ ᠬᠤᠩ    ᠪᠢᠳᠡ ᠢᠮᠠᠭᠲᠠ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠪᠠᠷ ᠭᠤᠣᠯ ᠪᠣᠯᠭᠠᠵᠤ᠂ ᠮᠣᠳᠣ ᠲᠠᠷᠢᠵᠤ ᠣᠶᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠪᠡ᠃ ᠮᠠᠨ ᠤ ᠰᠢᠶᠠᠨ ᠤ ᠬᠥᠷᠥᠰᠥ ᠰᠢᠷᠣᠶ ᠪᠠ ᠠᠭᠤᠷ ᠠᠮᠢᠰᠬᠤᠯ ᠤᠨ ᠣᠨᠴᠠᠯᠢᠭ ᠤᠨ ᠰᠢᠯᠢᠳᠡᠭ ᠮᠣᠳᠣᠨ ᠤ ᠲᠥᠷᠥᠯ ᠳᠤ ᠴᠢᠭᠯᠡᠭᠦᠯᠦᠨ᠂ ᠡᠳᠡᠭᠡᠷᠡᠯᠲᠡ ᠶᠢᠨ ᠨᠣᠷᠮ᠎ᠠ ᠶᠢ ᠦᠨᠡᠨᠬᠦ ᠪᠠᠲᠤᠯᠠᠨ᠎ᠠ᠃ ᠪᠢᠳᠡ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠨ ᠨᠡᠶᠢᠲᠡ ᠶᠢᠨ ᠣᠷᠣᠯᠴᠠᠬᠤ ᠶᠢ ᠬᠥᠲᠥᠯᠥᠨ ᠵᠢᠯᠣᠭᠤᠳᠴᠤ᠂ ᠤᠯᠠᠨ ᠨᠡᠶᠢᠲᠡ ᠶᠢᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠥᠮᠦᠨ ᠪᠦᠬᠦᠨ ᠨᠣᠭᠤᠭᠠᠷᠠᠭᠤᠯᠬᠤ᠂ ᠨᠣᠭᠤᠭᠠᠷᠠᠭᠤᠯᠬᠤ᠂ ᠨᠣᠭᠤᠭᠠᠷᠠᠭᠤᠯᠬᠤ︾ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠪᠠ᠃   ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2