ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ | ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠤᠷᠢᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ | ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠬᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ | ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ | ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠠᠨ ᠤ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠥᠬᠦᠳ | ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ | ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ | ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ | ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠪᠠ᠃ ᠨᠠᠮ ᠤᠨ ᠲᠥᠪ | ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ | ᠵᠢᠯ ᠳᠤ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ | ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ | ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ | ᠬᠠᠨᠳᠤᠵᠤ᠂ ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ | ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ | ᠲᠣᠬᠢᠶᠠᠯ ᠢ ᠡᠵᠡᠮᠳᠡᠵᠦ᠂ ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ | ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ | ᠲᠥᠪᠯᠡᠷᠡᠭᠦᠯᠦᠨ ᠳᠡᠭᠡᠳᠦ ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ | ᠰᠢᠪᠲᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠶᠢᠨ | ᠰᠠᠭᠤᠷᠢ ᠵᠥᠭᠡᠯᠡᠨ ᠬᠠᠲᠠᠭᠤ ᠲᠣᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ | ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ | ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ | ᠭᠡᠵᠦ ᠴᠢᠬᠤᠯᠠᠴᠢᠯᠠᠪᠠ᠃ ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ | ᠰᠢᠰᠲ᠋ᠧᠮ ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ | ᠵᠣᠬᠢᠶᠠᠮᠠᠯ ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ | ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ | ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ ᠰᠢᠨ᠎ᠡ ᠶᠢ | ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠳᠤ ᠬᠦᠴᠦᠨ | ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ ᠬᠦᠴᠦᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ | ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ ᠡᠷᠬᠡ᠂ | ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ ᠴᠢᠯᠦᠭᠡᠲᠡᠢ | ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠪᠦᠬᠦ ᠰᠤᠷᠤᠯᠭ᠎ᠠ ᠶᠢᠨ | ᠱᠠᠲᠤᠨ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠵᠢᠭᠠᠨ ᠰᠤᠷᠭᠠᠯᠲᠠ ᠶᠢ | ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ | ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ | ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ | ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠬᠢᠶᠠᠯ ᠢ | ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ | ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ ᠡᠵᠡᠮᠳᠡᠵᠦ᠂ | ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠᠶᠢᠭᠤᠯᠤᠯ᠂ ᠬᠡᠷᠡᠭᠯᠡᠭᠡᠨ ᠤ | ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ | ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ | ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ | ᠲᠥᠷᠥᠯᠬᠢᠲᠡᠨ ᠳᠤ ᠪᠤᠶᠠᠨ ᠦᠢᠯᠡᠳᠬᠦ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ | ᠵᠣᠬᠢᠶᠠᠮᠠᠯ ᠣᠶᠤᠨ ᠴᠢᠳᠠᠪᠤᠷᠢ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠪᠥᠮᠪᠥᠷᠴᠡᠭ ᠤᠨ ᠣᠶᠤᠨᠲᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ | ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠂ ᠵᠠᠰᠠᠯᠲᠠ ᠶᠢᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ | ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ | ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |