ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ | ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ | ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ | ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂ | ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ | ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ | ᠠᠷᠭᠠᠴᠠᠭᠠᠬᠤ ᠬᠡᠷᠡᠭᠲᠡᠢ ᠭᠡᠵᠡᠢ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ | ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ | ᠮᠥᠷᠲᠡᠭᠡᠨ ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ | ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ | ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ | ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ | ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ᠂ ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ | ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ | ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ | ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ | ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ | ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ | ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ | ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ | ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ | ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ | ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ | ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ᠵᠣᠬᠢᠶᠠᠮᠠᠯ ᠤᠶᠤᠨ +︾ ᠠᠵᠢᠯᠯᠠᠭ᠎ᠠ ᠶᠢ | ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃ ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | |